ᠰᠢᠯᠤᠭᠤᠨ ᠬᠥᠬᠡ ᠬᠤᠰᠢᠭᠤ ᠰᠢᠨ᠎ᠡ ᠬᠤᠣᠰ ᠤᠨ ᠷᠣᠮᠠᠨᠲ᠋ᠢᠭ ᠣᠷᠤᠭ ᠲᠠᠩᠰᠠᠯᠠᠬᠤ ᠶᠣᠰᠣᠯᠠᠯ ᠶᠠᠪᠤᠠᠠᠳᠠᠪᠠ
ᠨᠡᠶᠢᠲᠡᠯᠡᠭᠰᠡᠨ ᠴᠠᠭ᠄
2025/5/22
        ᠤᠯᠠᠮᠵᠢᠯᠠᠯᠲᠤ ᠦᠨᠳᠦᠰᠦᠲᠡᠨ ᠤ ᠰᠣᠶᠣᠯ ᠪᠠ ᠣᠲᠣ ᠦᠶ᠎ᠡ ᠶᠢᠨ ᠣᠷᠤᠭ ᠬᠤᠷᠢᠮ ᠤᠨ ᠣᠶᠢᠯᠠᠭᠠᠭᠳᠠᠬᠤᠨ ᠢ ᠠᠭᠤᠰᠤᠯᠴᠠᠭᠤᠯᠬᠤ ᠶᠢᠨ ᠲᠥᠯᠥᠭᠡ᠂ ᠰᠢᠯᠤᠭᠤᠨ ᠬᠥᠬᠡ ᠬᠤᠰᠢᠭᠤᠨ ᠤ ᠠᠷᠠᠳ ᠤᠨ ᠶᠠᠪᠤᠳᠠᠯ ᠎ ᠤᠨ ᠲᠣᠪᠴᠢᠶ᠎ᠠ ᠨᠠᠶᠮᠠᠨ ᠬᠤᠤᠰ ᠰᠢᠨ᠎ᠡ ᠬᠥᠮᠦᠨ ᠳᠤ ᠷᠣᠮᠠᠨᠲ᠋ᠢᠭ ᠣᠷᠤᠭ ᠲᠠᠩᠰᠠᠯᠠᠬᠤ ᠶᠣᠰᠣᠯᠠᠯ ᠶᠠᠪᠤᠠᠠᠳᠠᠭᠤᠯᠵᠠᠢ᠃        5 ᠰᠠᠷ᠎ᠠ ᠶᠢᠨ 20᠎ ᠤ ᠡᠳᠦᠷ᠂ ᠠᠷᠠᠳ ᠤᠨ ᠶᠠᠪᠤᠳᠠᠯ ᠤᠨ ᠲᠣᠪᠴᠢᠶᠠᠨ ᠤ ᠣᠷᠤᠭ ᠳᠠᠩᠰᠠᠯᠠᠬᠤ ᠭᠠᠵᠠᠷ ᠎ ᠲᠤ ᠷᠣᠮᠠᠨᠲ᠋ᠢᠭ ᠬᠠᠯᠠᠭᠤᠨ ᠲᠣᠯᠠᠭᠠᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠠᠵᠢᠯᠲᠠᠨ ᠠᠴᠠ ᠰᠢᠨ᠎ᠡ ᠬᠤᠣᠰ ᠳᠤ ᠴᠡᠪᠡᠷ ᠠᠷᠢᠭᠤᠨ᠂ ᠥᠯᠵᠡᠶ ᠪᠡᠯᠬᠡᠳᠦ ᠰᠠᠶᠢᠨ ᠰᠠᠶᠢᠬᠠᠨ ᠢ ᠪᠡᠯᠬᠡᠳᠡᠭᠰᠡᠨ ᠬᠠᠳᠠᠭ ᠡᠷᠭᠦᠬᠦ ᠶᠢᠨ ᠬᠠᠮᠲᠤ ᠣᠷᠤᠭ ᠤᠨ ᠦᠨᠡᠮᠯᠡᠯ ᠭᠠᠷᠳᠠᠭᠤᠯᠵᠦ᠂ ᠰᠢᠨ᠎ᠡ ᠬᠤᠣᠰ ᠤᠳ ᠵᠣᠯ ᠵᠢᠷᠭᠠᠯᠲᠤ ᠰᠠᠶᠢᠨ ᠰᠠᠶᠢᠬᠠᠨ ᠬᠤᠷᠣᠮ ᠢ ᠲᠡᠮᠳᠡᠭᠯᠡᠵᠦ ᠪᠠᠶᠢᠯ᠎ᠠ᠃       ᠲᠤᠬᠠᠶ ᠶᠢᠨ ᠲᠠᠯᠠᠪᠠᠶ ᠳᠤ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠣᠷᠤᠭ ᠬᠤᠷᠢᠮ ᠤᠨ ᠰᠣᠶᠣᠯ ᠎ ᠤᠨ ᠦᠵᠡᠭᠦᠯᠦᠯᠭᠡ ᠶᠢᠨ ᠣᠷᠣᠨ ᠲᠣᠭᠤᠷᠢᠭ ᠢ ᠲᠣᠬᠢᠷᠠᠭᠤᠯᠵᠤ᠂ ᠪᠣᠳᠠᠰ ᠤᠨ ᠦᠵᠡᠭᠦᠯᠦᠯᠭᠡ ᠵᠡᠷᠭᠡ ᠬᠡᠯᠪᠡᠷᠢ ᠪᠠᠷ ᠳᠠᠮᠵᠢᠭᠤᠯᠤᠨ᠂ ᠣᠷᠤᠭ ᠬᠤᠷᠢᠮ ᠤᠨ ᠰᠣᠶᠣᠯ ᠤᠨ ᠥᠨᠢ ᠤᠳᠠᠭᠠᠨ ᠤᠯᠠᠮᠵᠢᠯᠠᠯ ᠪᠠ ᠡᠯᠪᠡᠭ ᠪᠠᠶᠠᠯᠢᠭ ᠠᠭᠤᠯᠤᠭᠳᠠᠬᠤᠨ ᠢ ᠠᠮᠢᠳᠤᠯᠢᠭ ᠢᠶᠠᠷ ᠳᠡᠯᠭᠡᠨ ᠦᠵᠡᠬᠦᠯᠬᠦ ᠶᠢᠨ ᠬᠠᠮᠲᠤ ᠤᠷᠤᠭᠯᠠᠬᠤ ᠠᠴᠠ ᠡᠮᠦᠨᠡᠬᠢ ᠬᠠᠪᠰᠤᠷᠤᠨ ᠵᠢᠯᠣᠭᠤᠳᠬᠤ ᠲᠠᠶᠢᠯᠤᠮᠵᠢ ᠶᠢᠨ ᠸᠢᠳᠢᠣ᠋ ᠶᠢ ᠰᠢᠨ᠎ᠡ ᠬᠤᠣᠰ ᠤᠳ ᠲᠤ ᠣᠷᠤᠭ ᠤᠨ ᠳᠤᠮᠳᠠᠬᠢ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶ ᠥᠢᠯᠭᠠᠭᠤᠯᠵᠣ  ᠦᠭᠴᠠᠢ᠃        ᠰᠣᠶᠣᠯ ᠤᠨ ᠤᠯᠠᠮᠵᠢᠯᠠᠯ᠂ ᠬᠠᠶᠢᠷ᠎ᠠ ᠰᠡᠳᠬᠢᠯᠭᠡ ᠶᠢᠨ ᠬᠥᠮᠦᠵᠢᠯ ᠢ ᠣᠷᠤᠭ ᠤᠨ ᠳᠡᠩᠰᠡᠯᠡᠯᠲᠡ ᠶᠢᠨ ᠶᠣᠰᠣᠯᠠᠯ ᠲᠠᠢ ᠤᠶᠠᠯᠳᠤᠭᠤᠯᠬᠤ ᠪᠠᠷ ᠳᠠᠮᠵᠢᠭᠤᠯᠤᠨ᠂ ᠰᠢᠨ᠎ᠡ ᠬᠥᠮᠦᠨ ᠳᠤ ᠮᠠᠷᠲᠠᠭᠳᠠᠰᠢ ᠥᠬᠡᠶ ᠣᠷᠤᠭ ᠬᠤᠷᠢᠮ ᠎ ᠤᠨ ᠳᠤᠷᠠᠳᠬᠠᠯ ᠦᠯᠡᠳᠡᠭᠡᠭᠰᠡᠨ ᠢᠶᠠᠷ ᠪᠠᠷᠠᠬᠤ ᠥᠬᠡᠶ᠂ ᠨᠠᠩ ᠴᠤ ᠰᠢᠨ᠎ᠡ ᠬᠥᠮᠦᠨ ᠢ ᠬᠥᠲᠥᠯᠥᠨ ᠵᠢᠯᠣᠭᠤᠳᠴᠤ ᠣᠷᠤᠭ ᠬᠡᠷ ᠪᠦᠯᠢ ᠶᠢᠨ ᠲᠤᠬᠠᠶ ᠵᠥᠪ ᠦᠵᠡᠯᠲᠡ ᠲᠠᠢ ᠪᠣᠯᠭᠠᠵᠤ᠂ ᠣᠷᠤᠭ ᠬᠤᠷᠢᠮ ᠤᠨ ᠪᠣᠯᠪᠠᠰᠤᠨ ᠵᠠᠩ ᠳᠠᠳᠬᠠᠯ ᠢ ᠤᠯᠠᠮᠵᠢᠯᠠᠨ ᠵᠠᠯᠭᠠᠮᠵᠢᠯᠠᠵᠤ᠂ ᠡᠶ᠎ᠡ ᠵᠣᠬᠢᠴᠠᠯ ᠲᠠᠢ ᠵᠣᠯ ᠵᠢᠷᠭᠠᠯᠲᠤ ᠬᠡᠷ ᠪᠦᠯᠢ ᠶᠢ ᠪᠠᠶᠢᠭᠤᠯᠬᠤ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠠᠬᠢᠭᠤᠯᠬᠤ ᠳᠤ ᠢᠳᠡᠪᠬᠢᠲᠡᠶ ᠦᠶᠯᠡᠳᠦᠯ ᠦᠵᠡᠭᠦᠯᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号