ᠰᠢᠯᠤᠭᠤᠨ ᠬᠥᠬᠡ ᠬᠤᠰᠢᠭᠤ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/22
        5 ᠰᠠᠷ᠎ᠠ ᠶᠢᠨ 20 ᠤ ᠡᠳᠦᠷ᠂ ᠰᠢᠯᠤᠭᠤᠨ ᠬᠥᠬᠡ ᠬᠤᠰᠢᠭᠤ ᠪᠥᠬᠦ ᠬᠤᠰᠢᠭᠤᠨ ᠤ ᠰᠤᠷᠭᠠᠨ ᠬᠥᠮᠦᠵᠢᠯ  ᠤᠨ ᠠᠵᠢᠯ ᠤᠨ ᠬᠤᠷᠠᠯ ᠬᠤᠷᠠᠯᠳᠤᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠰᠤᠷᠭᠠᠨ ᠬᠥᠮᠦᠵᠢᠯ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠤᠤ ᠮᠢᠨ 2025 ᠣᠨ ᠤ ᠰᠤᠷᠭᠠᠨ ᠬᠥᠮᠦᠵᠢᠯ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠠᠠᠰᠠᠨ ᠨᠢ᠂ ᠪᠦᠬᠦ ᠬᠤᠰᠢᠭᠤᠨ ᠤ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠰᠡᠯ ᠡᠷᠡᠮᠡᠯᠵᠡᠯ ᠢᠶᠠᠷ ᠭᠤᠣᠯᠳᠠᠭᠤᠯᠵᠤ᠂ ᠭᠤᠣᠯᠳᠠᠯᠭ᠎ᠠ ᠶᠢ ᠠᠳᠬᠤᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠷᠡᠮᠡᠬᠡᠶᠢᠯᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠷᠠᠳ ᠲᠦᠮᠡᠨ ᠳᠤ ᠬᠠᠨᠤᠮᠵᠢᠳᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ ᠬᠡᠯ᠎ᠡ᠃       ᠬᠤᠷᠠᠯ ᠠᠴᠠ ᠴᠢᠬᠤᠯᠠᠴᠢᠯᠬᠠᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠪᠠ ᠪᠢᠴᠢᠭ ᠵᠢᠭᠠᠵᠤ ᠬᠥᠮᠦᠨ ᠬᠥᠮᠦᠵᠢᠭᠦᠯᠬᠦ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠣᠬᠢᠴᠠᠩᠭᠤᠶ ᠬᠥᠭᠵᠢᠯᠲᠡ ᠶᠢ ᠴᠥᠬᠦᠷᠡᠰᠢ ᠥᠬᠡᠶ ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠴᠢᠨᠠᠷ ᠰᠠᠶᠢᠲᠠᠶ ᠬᠥᠭᠵᠢᠭᠦᠯᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ  ᠢ ᠲᠡᠩᠴᠡᠭᠦᠷᠢᠲᠡᠶ ᠬᠥᠭᠵᠢᠭᠦᠯᠬᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠨᠡᠶᠢᠳᠡᠮ ᠬᠥᠭᠵᠢᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠣᠨᠴᠠᠯᠢᠭ ᠲᠠᠢ ᠬᠥᠭᠵᠢᠭᠦᠯᠬᠦ᠂ ᠬᠡᠷ ᠪᠦᠯᠢ ᠶᠢᠨ ᠰᠤᠷᠭᠠᠨ ᠬᠥᠮᠦᠵᠢᠯ  ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠪᠣᠯᠤᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ︽ᠬᠤᠤᠰ ᠬᠦᠴᠦᠷᠬᠡᠭ ᠬᠤᠤᠰ ᠰᠢᠯᠢᠳᠡᠭ︾ ᠢ ᠠᠬᠢᠭᠤᠯᠬᠤ ᠬᠡᠷᠡᠭᠲᠡᠶ᠃ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢᠨ ᠬᠠᠮᠢᠶᠠᠷᠤᠯᠲᠠ ᠶᠢᠨ ᠴᠢᠳᠠᠪᠤᠷᠢ᠂ ᠪᠠᠭᠰᠢ  ᠶᠢᠨ ᠡᠩᠨᠡᠭᠡ ᠶᠢᠨ ᠲᠤᠰᠬᠠᠶ ᠮᠡᠷᠭᠡᠵᠢᠯ ᠤᠨ ᠴᠢᠳᠠᠪᠤᠷᠢ᠂ ᠵᠢᠭᠠᠨ ᠰᠤᠳᠤᠯᠬᠤ ᠡᠩᠨᠡᠭᠡ ᠶᠢᠨ ᠵᠢᠯᠣᠭᠤᠳᠬᠤ ᠴᠢᠳᠠᠪᠤᠷᠢ  ᠶᠢ ᠪᠥᠬᠦ ᠲᠠᠯ᠎ᠠ ᠪᠠᠷ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠲᠡᠭᠡᠭᠰᠢᠯᠡᠬᠦᠯᠦᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠬᠤ ᠠᠵᠢᠯ ᠢ ᠰᠠᠶᠢᠲᠤᠷ ᠬᠢᠵᠦ᠂ ᠵᠠᠮ ᠬᠠᠷᠢᠯᠴᠠᠭ᠎ᠠ᠂ ᠬᠤᠨᠤᠭ ᠪᠠᠭᠤᠳᠠᠯ ᠢᠳᠡᠭᠡᠨ ᠤᠮᠳᠠᠭᠠᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠳᠤ ᠬᠡᠷᠡᠭᠯᠡᠬᠦ ᠴᠠᠬᠢᠯᠭᠠᠨ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠪᠠᠭᠰᠢ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ ᠦᠷᠭᠦᠯᠵᠢᠯᠡᠨ ᠠᠩᠬᠠᠷᠬᠤ ᠬᠡᠷᠡᠭᠲᠡᠶ᠃ ︽ᠰᠤᠷᠭᠠᠭᠤᠯᠢ ᠶᠢᠨ ᠬᠦᠷᠢᠶᠡᠨ ᠤ ᠬᠤᠭᠤᠯᠠᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠬᠤᠭᠤᠯᠠᠨ ᠬᠡᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠡᠳ᠋ ᠨᠢ ᠰᠠᠶᠢᠨ ᠦᠨ᠎ᠡ ᠨᠢ ᠬᠢᠮᠳᠠ᠂ ᠰᠢᠮ᠎ᠡ ᠲᠡᠵᠢᠭᠡᠯ ᠨᠢ ᠵᠣᠬᠢᠴᠠᠭᠰᠠᠨ ᠢᠳᠡᠭᠡᠨ ᠤᠮᠳᠠᠭᠠᠨ ᠤ ᠦᠶᠯᠡᠴᠢᠯᠡᠭᠡ ᠬᠠᠩᠭᠠᠬᠤ ᠬᠡᠷᠡᠭᠲᠡᠶ ᠬᠡᠵᠡᠢ᠃         ᠬᠤᠷᠠᠯ ᠠᠴᠠ ᠱᠠᠭᠠᠷᠳ᠋ᠬᠠᠰᠠᠨ ᠨᠢ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠡᠷᠡᠰ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠦᠨᠵᠡᠭᠡᠶ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠰᠤᠷᠭᠠᠭᠤᠯᠢ ᠶᠢᠨ ᠨᠠᠮ ᠤᠨ ᠡᠭᠦᠷ ᠢ ︽ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ︾ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠰᠤᠷᠤᠯᠴᠠᠬᠤ ᠪᠠᠶᠢᠴᠠᠭᠠᠨ ᠵᠠᠯᠠᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠬᠡᠯ᠎ᠡ᠃         ᠬᠤᠰᠢᠭᠤ ᠳᠥᠷᠪᠡᠨ ᠶᠡᠭᠡ ᠤᠳᠤᠷᠢᠳᠬᠤ ᠪᠠᠭ ᠭᠡᠷ ᠤᠨ ᠤᠳᠤᠷᠢᠳᠤᠯᠭ᠎ᠠ ᠬᠤᠷᠠᠯ ᠳᠤ ᠣᠷᠣᠯᠴᠠᠵᠦ᠂ ᠡᠯ᠎ᠡ ᠰᠤᠮᠤ ᠪᠠᠯᠭᠠᠰᠤ ( ᠲᠠᠯᠠᠪᠠᠶ )᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠲᠣᠪᠴᠢᠶᠠᠨ ᠤ ᠪᠦᠷᠢᠯᠳᠦᠬᠦᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠱᠦᠵᠢ᠂ ᠰᠤᠷᠭᠠᠭᠤᠯᠢ ᠶᠢᠨ ᠵᠠᠬᠢᠷᠤᠯ ᠬᠤᠷᠠᠯ ᠳᠤ ᠣᠷᠣᠯᠴᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号