ᠰᠢᠯᠤᠭᠤᠨ ᠬᠥᠬᠡ ᠬᠤᠰᠢᠭᠤᠨ ᠤ ᠰᠠᠶᠢᠨᠬᠤᠳᠳᠤᠭ ᠰᠣᠮᠣᠨ ᠤ ᠪᠠᠶᠠᠨᠴᠠᠭᠠᠨ ᠭᠠᠴᠠᠭᠠᠨ ᠤ ᠬᠡᠰᠡᠭ | ᠭᠠᠵᠠᠷ ᠡᠯᠡᠰᠣᠷᠬᠡᠭᠵᠢᠵᠣ ᠲᠠᠴᠢᠷᠰᠢᠵᠣ ᠬᠠᠮᠠᠷ ᠬᠠᠳᠬᠤᠬᠤ ᠡᠪᠡᠰᠣ ᠥᠬᠡᠢ ᠪᠠᠶᠢᠬᠰᠡᠨ ᠢᠶᠠᠨ ᠣᠳᠣ ᠪᠣᠯᠬᠤ ᠳᠤ | ᠨᠣᠮᠢᠨ ᠨᠣᠭᠤᠭᠠᠨ ᠪᠦᠷᠢᠳᠦ ᠪᠣᠯᠵᠣ ᠬᠤᠪᠢᠷᠠᠯ᠎ᠠ᠃ ᠡᠨᠡᠬᠦ ᠬᠥᠳᠡᠯᠮᠣᠷᠢ ᠶᠢᠨ ᠥᠷ᠎ᠡ ᠪᠥᠳᠣᠬᠡᠯ ᠪᠣᠯᠬᠤ ᠪᠠᠶᠠᠨ | ᠪᠥᠷᠢᠳᠣ ᠨᠢ ᠲᠣᠰ ᠭᠠᠴᠠᠭᠠᠨ ᠤ ︽ᠡᠯᠡᠰᠦ ᠶᠢ ᠵᠠᠰᠠᠬᠤ ᠡᠮᠡᠭᠲᠡᠶ ᠴᠡᠷᠢᠭ︾ ᠤᠨ ᠭᠤᠴᠢᠨ ᠨᠢᠭᠡᠨ ᠵᠢᠯ ᠤᠨ | ᠴᠥᠬᠦᠷᠡᠰᠢ ᠥᠬᠡᠶ ᠬᠥᠳᠡᠯᠮᠣᠷᠢ ᠪᠠ ᠪᠠᠷᠢᠮᠲᠠᠯᠠᠯ ᠤᠨ ᠬᠡᠷᠡᠴᠢᠯᠡᠯ ᠪᠣᠯᠣᠨ᠎ᠠ᠃ | ᠪᠠᠶᠠᠨᠴᠠᠭᠠᠨ ᠭᠠᠴᠠᠭ᠎ᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠬᠤᠶᠢᠲᠤ ᠬᠡᠰᠡᠭ ᠲᠤ | ᠪᠠᠶᠢᠷᠢᠯᠠᠵᠤ᠂ ᠶᠡᠷᠦᠩᠬᠡᠶ ᠲᠠᠯᠠᠪᠠᠶ ᠨᠢ 28.4 ᠲᠦᠮᠡᠨ ᠮᠥ ᠪᠠᠶᠢᠵᠦ᠂ ᠡᠯᠡᠰᠦᠷᠬᠡᠭ ᠭᠠᠵᠠᠷ ᠤᠨ ᠲᠠᠯᠠᠪᠠᠶ ᠶᠢᠨ | ᠡᠵᠡᠯᠡᠬᠦ ᠬᠠᠷᠢᠴᠠᠯ ᠨᠢ 80 % ᠶᠢ ᠲᠠᠪᠠᠨ᠂ ᠡᠯᠡᠰᠦ ᠶᠢ ᠵᠠᠰᠠᠬᠤ ᠡᠭᠦᠷᠭᠡ ᠲᠤᠶᠢᠯ ᠤᠨ ᠬᠦᠨᠳᠦ ᠪᠠᠶᠢᠯ᠎ᠠ᠃ | 1994 ᠣᠨ ᠳᠤ᠂ 27 ᠨᠠᠰᠤᠲᠠᠢ ᠮᠠᠯᠴᠢᠨ ᠰᠣᠶᠣᠯᠴᠡᠴᠡᠭ ᠭᠠᠴᠠᠭᠠᠨ ᠤ ᠡᠮᠡᠭᠲᠡᠶᠢᠴᠦᠳ ᠤᠨ | ᠬᠤᠯᠪᠣᠭᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠳᠠᠭᠠᠨ᠄ ︽ᠡᠯᠡᠰᠦ ᠮᠠᠩᠬ᠎ᠠ ᠶᠢ ᠨᠣᠭᠤᠭᠠᠨ ᠪᠦᠷᠢᠳᠦ | ᠪᠣᠯᠭᠠᠨ ᠬᠤᠪᠢᠷᠠᠭᠤᠯᠣᠨ᠎ᠠ︾ ᠭᠡᠵᠦ ᠲᠠᠩᠭᠠᠷᠢᠭᠯᠠᠵᠤ᠂ ᠭᠠᠴᠠᠭᠠᠨ ᠤ ᠪᠠᠨ ᠡᠮᠡᠭᠲᠡᠶᠢᠴᠦᠳ ᠢ ᠳᠠᠭᠠᠭᠤᠯᠤᠨ᠂ ᠡᠯᠡᠰᠦ | ᠶᠢ ᠰᠡᠷᠭᠡᠶᠢᠯᠡᠵᠦ ᠡᠯᠡᠰᠦ ᠶᠢ ᠵᠠᠰᠠᠬᠤ ᠠᠶᠠᠨ ᠢᠶᠠᠨ ᠡᠬᠢᠯᠡᠭᠦᠯᠪᠡ᠃ ᠶᠠᠮᠠᠷᠴᠦ ᠲᠤᠰᠬᠠᠶ ᠮᠡᠷᠭᠡᠵᠢᠯ ᠤᠨ | ᠲᠥᠬᠦᠭᠡᠷᠦᠮᠵᠢ ᠥᠬᠡᠶ᠂ ᠡᠯᠡᠰᠦ ᠶᠢ ᠵᠠᠰᠠᠭᠰᠠᠨ ᠲᠤᠷᠰᠢᠯᠭ᠎ᠠ ᠥᠬᠡᠶ ᠲᠠᠳᠠ ᠥᠪᠡᠷ ᠤᠨ ᠥᠷᠲᠡᠭ ᠢ ᠠᠷᠪᠢᠯᠠᠬᠤ | ᠶᠢᠨ ᠲᠥᠯᠥᠭᠡ ᠲᠤᠬᠠᠶ ᠶᠢᠨ ᠭᠠᠵᠠᠷ ᠠᠴᠠ ᠪᠠᠨ ᠮᠠᠲ᠋ᠧᠷᠢᠶᠠᠯ ᠠᠪᠴᠤ᠂ ᠰᠢᠷ᠎ᠠ ᠪᠤᠷᠭᠠᠰᠤ ᠪᠠᠷ ᠡᠯᠡᠰᠦ ᠶᠢ ᠵᠠᠰᠠᠬᠤ | ︽ᠬᠤᠰᠢᠭᠤᠴᠢ︾ ᠪᠣᠯᠭᠠᠨ ᠬᠠᠮᠤᠭ ᠤᠨ ᠪᠣᠷᠣᠭᠵᠢᠭᠤᠨ ᠠᠷᠭ᠎ᠠ ᠪᠠᠷ ᠡᠯᠡᠰᠦ ᠮᠠᠩᠬ᠎ᠠ ᠲᠠᠢ ᠲᠡᠮᠡᠴᠡᠵᠦ ᠡᠬᠢᠯᠡᠯ᠎ᠡ᠃ | ᠰᠣᠶᠣᠯᠴᠡᠴᠡᠭ ᠬᠡᠯᠡᠬᠦ ᠳᠡᠭᠡᠨ᠄ ︽1994 ᠣᠨ ᠳᠤ ᠡᠮᠡᠭᠲᠡᠶᠢᠴᠦᠳ ᠤᠨ ᠬᠤᠯᠪᠣᠭ᠎ᠠ ᠳᠤ | ᠣᠷᠣᠯᠴᠠᠭᠰᠠᠨ ᠠᠴᠠ ᠨᠠᠭᠠᠰᠢ᠂ ᠪᠢ ᠭᠠᠴᠠᠭᠠᠨ ᠤ ᠡᠮᠡᠭᠲᠡᠶᠢᠴᠦᠳ ᠲᠠᠢ ᠡᠯᠡᠰᠦ ᠵᠠᠰᠠᠬᠤ ᠠᠵᠢᠯ ᠳᠤ ᠣᠷᠣᠯᠴᠠᠵᠦ᠂ | ᠣᠳᠣ ᠪᠣᠯᠲᠠᠯ᠎ᠠ᠂ ᠨᠢᠭᠡᠨᠲᠡ ᠬᠡᠴᠢᠨᠡᠨ ᠵᠠᠭᠤᠨ ᠰᠠᠭᠤᠷᠢ ᠰᠢᠷ᠎ᠠ ᠪᠤᠷᠭᠠᠰᠤ ᠲᠠᠷᠢᠵᠠᠢ︾ ᠬᠡᠯᠡ᠃ 2016 ᠣᠨ ᠳᠤ | ᠰᠣᠶᠣᠯᠴᠡᠴᠡᠭ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠨ ᠤ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠤ | ᠳᠠᠷᠠᠭ᠎ᠠ᠂ ᠡᠯᠡᠰᠦ ᠵᠠᠰᠠᠬᠤ ᠡᠩᠨᠡᠭᠡ ᠶᠢ ︽ᠪᠥᠬᠦ ᠠᠷᠠᠳ ᠤᠨ ᠳᠠᠶᠢᠴᠢᠨ ᠠᠩᠭᠢ︾ ᠪᠣᠯᠭᠠᠨ ᠥᠷᠭᠡᠳᠬᠡᠵᠦ᠂ ᠨᠠᠮ | ᠤᠨ ᠭᠡᠰᠢᠭᠦᠨ᠂ ᠵᠠᠯᠠᠭᠤ ᠮᠠᠯᠴᠢᠨ ᠢ ᠳᠠᠶᠢᠴᠢᠯᠠᠨ ᠣᠷᠣᠯᠴᠠᠭᠤᠯᠵᠤ᠂ ︽ᠨᠣᠭᠤᠭᠠᠷᠠᠭᠤᠯᠵᠤ ᠬᠠᠮᠠᠭᠠᠯᠠᠬᠤ︾ ᠶᠢ | ᠭᠠᠴᠠᠭᠠᠨ ᠤ ᠰᠢᠨ᠎ᠡ ᠬᠡᠪ ᠰᠤᠷᠲᠠᠯ ᠪᠣᠯᠭᠠᠪᠠ᠃ | ᠭᠤᠴᠢᠨ ᠨᠢᠭᠡᠨ ᠵᠢᠯ ᠤᠨ ᠰᠠᠯᠬᠢ ᠪᠣᠷᠣᠭᠠᠨ ᠳᠤ᠂ ᠪᠣᠳᠠᠳᠣ ᠠᠵᠢᠯᠯᠠᠭ᠎ᠠ ᠪᠠᠷ ᠢᠶᠠᠨ400 ᠭᠠᠷᠤᠢ ᠮᠦ | ᠨᠡᠭᠦᠳᠡᠯ ᠡᠯᠡᠰᠣ ᠶᠢ ᠲᠣᠬᠳᠠᠪᠣᠷᠢᠵᠢᠭᠤᠯᠵᠣ ᠨᠣᠭᠤᠭᠠᠷᠠᠭᠤᠯᠣᠨ᠂ ᠤᠷᠭᠤᠮᠠᠯ ᠤᠨ ᠪᠦᠷᠬᠦᠴᠡ 20% ᠬᠦᠷᠬᠦ ᠦᠭᠡᠢ | ᠪᠠᠶᠢᠭᠰᠠᠨ ᠠᠴᠠ 80 % ᠪᠣᠯᠲᠠᠯ᠎ᠠ ᠲᠡᠭᠡᠭᠰᠢᠯᠡᠨ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ | ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠵᠡᠷᠭᠡ ᠲᠥᠷᠥᠯ ᠵᠦᠶᠯ ᠢ ᠨᠠᠶᠢᠳᠠᠪᠤᠷᠢᠵᠢᠭᠤᠯᠬᠤ ᠶᠢ | ᠳᠠᠭᠠᠯᠳᠤᠨ᠂ ᠲᠤᠰᠬᠠᠶ ᠮᠡᠷᠭᠡᠵᠢᠯ ᠤᠨ ᠪᠦᠯᠬᠦᠮ ᠤᠨ ᠣᠷᠣᠯᠴᠠᠭ᠎ᠠ ᠨᠢ ᠡᠯᠡᠰᠦ ᠶᠢ ᠵᠠᠰᠠᠬᠤ ᠠᠵᠢᠯ ᠳᠤ ᠰᠢᠨᠵᠢᠯᠡᠬᠦ | ᠣᠬᠠᠭᠠᠨᠴᠢ ᠮᠡᠷᠭᠡᠵᠢᠯ ᠤᠨ ᠵᠢᠭᠦᠷ ᠤᠷᠭᠤᠭᠤᠯᠪᠠ᠃ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠨ ᠤ ᠤᠤᠯ ᠤᠨ | ᠲᠡᠷᠢᠭᠦᠯᠡᠭᠴᠢ ᠣᠶᠣᠨᠰᠡᠴᠡᠨ᠄ ︽ᠡᠨᠡ ᠨᠢ 31 ᠵᠢᠯ ᠤᠨ ᠪᠠᠲᠤ ᠪᠠᠷᠢᠮᠲᠠᠯᠠᠯ ᠪᠣᠯᠬᠤ ᠪᠠᠷ ᠪᠠᠷᠠᠬᠤ ᠦᠭᠡᠢ᠂ ᠨᠡᠩ | ᠴᠤ ᠬᠡᠳᠦᠨ ᠦᠶ᠎ᠡ ᠶᠢᠨ ᠬᠥᠮᠦᠰ ᠤᠨ ᠦᠷᠭᠦᠯᠵᠢᠯᠡᠨ ᠲᠡᠮᠡᠴᠡᠭᠰᠡᠨ ᠰᠢᠷᠭᠠᠭᠤ ᠬᠥᠳᠡᠯᠮᠤᠷᠢ ᠶᠢᠨ ᠪᠥᠳᠥᠭᠡᠯ ᠪᠣᠯᠤᠨ᠎ᠠ︾ | ᠬᠡᠵᠡᠢ᠃ | ᠥᠨᠥᠳᠦᠷ᠂ ᠪᠠᠶᠠᠨᠴᠠᠭᠠᠨ ᠭᠠᠴᠠᠭᠠᠨ ᠤ ᠨᠣᠭᠤᠭᠠᠷᠠᠭᠤᠯᠣᠯᠳᠠ ᠶᠢᠨ ᠠᠵᠢᠯ ᠦᠷᠭᠦᠯᠵᠢᠯᠡᠭᠰᠡᠭᠡᠷ᠃ | ᠰᠤᠶᠤᠯᠴᠡᠴᠡᠭ ᠪᠣᠯᠤᠨ ᠲᠡᠭᠦᠨ ᠤ ᠪᠦᠯᠬᠦᠮ ᠶᠠᠭ ᠠᠮᠢ ᠠᠬᠤᠢ ᠶᠢ ᠬᠠᠮᠠᠭᠠᠯᠠᠵᠣ ᠵᠠᠰᠠᠬᠤ ᠰᠢᠨ᠎ᠡ ᠬᠠᠷᠠᠯᠲᠠ ᠵᠦᠭ | ᠤᠷᠤᠭᠰᠢᠯᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠳᠠᠶᠢᠯᠠᠯᠳᠤᠭᠠᠨ ᠳᠤ ᠣᠷᠣᠯᠴᠠᠵᠤ᠂ ᠨᠠᠩ | ᠣᠯᠠᠨ ᠡᠯᠡᠰᠦ ᠮᠠᠩᠬ᠎ᠠ ᠶᠢ ᠵᠠᠰᠠᠨ ᠨᠣᠭᠤᠭᠠᠷᠠᠭᠤᠯᠵᠣ᠂ ᠬᠥᠳᠡᠯᠮᠣᠷᠢ ᠶᠢᠨ ᠬᠦᠴᠦ ᠬᠥᠯᠥᠰᠥ ᠰᠢᠩᠭᠡᠭᠰᠡᠨ ᠡᠨᠡᠬᠦ | ᠨᠣᠭᠤᠭᠠᠨ ᠪᠦᠷᠢᠳᠦ ᠨᠢ ᠠᠮᠢ ᠠᠬᠤᠢ ᠶᠢ ᠰᠠᠶᠢᠵᠢᠷᠠᠭᠤᠯᠵᠤ᠂ ᠡᠯᠡᠰᠦᠨ ᠰᠢᠭᠤᠷᠭ᠎ᠠ ᠶᠢ ᠬᠤᠷᠢᠭᠯᠠᠭᠰᠠᠨ ᠢᠶᠠᠷ | ᠪᠠᠷᠠᠬᠤ ᠦᠭᠡᠢ ᠨᠡᠩ ᠴᠤ ᠲᠤᠭ᠎ᠠ ᠲᠣᠮᠰᠢ ᠦᠭᠡᠢ ᠬᠥᠮᠦᠰ ᠤᠨ ᠠᠮᠢ ᠠᠬᠤᠢ ᠶᠢᠨ ᠬᠠᠮᠠᠭᠠᠯᠠᠯᠲᠠ ᠶᠢᠨ ᠦᠢᠯᠡᠰ ᠲᠤ | ᠢᠳᠡᠪᠬᠢᠯᠡᠨ ᠣᠷᠣᠯᠴᠠᠬᠤ ᠶᠢ ᠵᠣᠷᠢᠭᠵᠢᠭᠤᠯᠵᠤ ᠣᠷᠢᠶᠠᠯᠠᠬᠰᠡᠨᠪᠠᠶᠢᠨᠠ᠃ | | |