ᠣᠶᠢᠷ᠎ᠠ ᠶᠢᠨ ᠵᠢᠯ ᠳᠤ᠂ ᠰᠢᠯᠤᠭᠤᠨ ᠬᠥᠬᠡ ᠬᠤᠰᠢᠭᠤ ᠠᠷᠠᠳ ᠣᠯᠠᠨ ᠤ ᠡᠷᠡᠭᠦᠯ ᠮᠡᠨᠳᠦ ᠶᠢ ᠪᠠᠲᠤᠯᠠᠬᠤ | ᠪᠠᠷ ᠵᠣᠷᠢᠯᠲᠠ ᠪᠣᠯᠭᠠᠬᠤ ᠶᠢ ᠪᠠᠷᠢᠮᠲᠠᠯᠠᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠠᠴᠠ ᠴᠢᠳᠠᠪᠤᠷᠢᠲᠠᠨ ᠤ | ᠡᠩᠨᠡᠭᠡ ᠶᠢ ᠪᠤᠵᠠᠭᠠᠶᠢᠷᠠᠭᠤᠯᠬᠤ ᠬᠦᠷᠲᠡᠯ᠎ᠡ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠬᠤ ᠠᠴᠠ ᠡᠮᠴᠢᠯᠡᠭᠡᠨ ᠤ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠦᠷᠲᠡᠯ᠎ᠡ ᠠᠯᠢ ᠣᠯᠠᠨ ᠠᠷᠭ᠎ᠠ | ᠬᠡᠮᠵᠢᠶ᠎ᠡ ᠶᠢ ᠲᠠᠰᠤᠷᠠᠯᠲᠠ ᠥᠬᠡᠶ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠨ | ᠱᠠᠲᠤᠨ ᠤ ᠣᠯᠠᠨ ᠲᠦᠮᠡᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠡᠮᠴᠢᠯᠡᠭᠡᠨ ᠤ ᠦᠶᠯᠡᠴᠢᠯᠡᠭᠡ | ᠬᠦᠷᠳᠡᠬᠡᠵᠦ ᠪᠣᠢ᠃ | ᠰᠤᠷᠪᠤᠯᠵᠢᠯᠠᠭᠴᠢ ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠲᠥᠪ ᠡᠷᠡᠭᠦᠯ ᠬᠠᠮᠠᠭᠠᠯᠠᠯ | ᠤᠨ ᠬᠤᠷᠢᠶ᠎ᠠ ᠳᠤ ᠬᠦᠷᠬᠦ ᠳᠤ᠂ ᠡᠪᠡᠳᠴᠢᠲᠡᠨ ᠤ ᠥᠷᠥᠭᠡ ᠨᠢ ᠴᠡᠪᠡᠷ ᠴᠡᠮᠴᠡᠭᠡᠷ᠂ ᠳᠠᠭᠤᠳᠠᠬᠤ ᠰᠢᠰᠲ᠋ᠧᠮ ᠵᠡᠷᠭᠡ | ᠲᠥᠬᠦᠭᠡᠷᠦᠮᠵᠢ ᠨᠢ ᠴᠥᠮ ᠪᠦᠷᠢᠨ ᠪᠠᠶᠢᠯ᠎ᠠ᠃ ᠬᠠᠪᠢᠷᠭ᠎ᠠ ᠪᠠᠯᠭᠠᠰᠤᠨ ᠤ ᠢᠦ᠋ᠶ ᠠᠪᠣᠭᠠᠢ ᠵᠢᠷᠦᠬᠡᠨ ᠲᠢᠲᠢᠮ ᠤᠨ | ᠡᠪᠡᠳᠴᠢᠨ ᠳᠤ ᠨᠡᠷᠪᠡᠭᠳᠡᠭᠡᠳ ᠡᠮᠨᠡᠯᠭᠡ ᠳᠤ ᠰᠠᠭᠤᠵᠤ ᠪᠠᠶᠢᠪᠠ᠂ ᠲᠡᠷᠡ ᠡᠷᠡᠭᠦᠯ ᠬᠠᠮᠠᠭᠠᠯᠠᠯ ᠤᠨ ᠬᠤᠷᠢᠶᠠᠨ ᠤ | ᠲᠤᠬᠠᠶ ᠶᠠᠷᠢᠬᠤ ᠳᠠᠭᠠᠨ᠄ ︽ᠠᠳᠡᠬᠢ ᠶᠢᠨ ᠡᠮᠴᠢ ᠰᠤᠪᠢᠯᠠᠭᠴᠢ ᠨᠠᠷ ᠮᠠᠰᠢ ᠨᠠᠷᠢᠨ ᠬᠢᠨᠠᠮᠠᠭᠠᠶ᠂ ᠡᠪᠡᠳᠴᠢᠲᠡᠨ ᠤ | ᠥᠷᠥᠭᠡ ᠴᠦ ᠴᠡᠪᠡᠷ ᠴᠡᠮᠴᠡᠭᠡᠷ᠂ ᠪᠢ ᠠᠳᠡᠬᠢ ᠡᠮᠨᠡᠯᠭᠡ ᠳᠤ 7 ᠡᠳᠦᠷ ᠰᠠᠭᠤᠵᠦ ᠪᠣᠢ᠂ ᠣᠲᠣ ᠡᠳᠦᠷ ᠪᠦᠷᠢ ᠡᠮ | ᠶᠡᠭᠦᠯᠡᠵᠦ ᠪᠠᠶᠢᠨ᠎ᠠ᠂ ᠪᠠᠶᠢᠴᠠᠭᠠᠯᠲᠠ ᠬᠢᠬᠦ ᠳᠤ ᠴᠦ ᠮᠠᠰᠢ ᠲᠥᠬᠦᠮ︾ ᠬᠡᠯᠡ᠃ | ᠦᠨᠳᠦᠰᠦᠨ ᠱᠠᠲᠤᠨ ᠤ ᠡᠮᠴᠢᠯᠡᠭᠡᠨ ᠤ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠡᠯᠪᠡᠷᠢ ᠶᠢᠨ | ᠪᠠᠶᠢᠭᠤᠯᠤᠮᠵᠢ ᠪᠣᠯᠤᠭᠰᠠᠨ ᠤ ᠬᠤᠪᠢ ᠳᠤ᠂ ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠦᠨᠳᠦᠰᠦᠨ ᠱᠠᠲᠤᠨ ᠤ ᠡᠮᠴᠢᠯᠡᠭᠡᠨ ᠤ ᠬᠢᠷᠢ ᠲᠦᠪᠰᠢᠨ ᠢ ᠣᠯᠠᠨ ᠲᠠᠯ᠎ᠠ ᠠᠴᠠ | ᠬᠦᠴᠦᠯᠡᠨ ᠳᠡᠭᠡᠭᠰᠢᠯᠡᠭᠦᠯᠵᠦ᠂ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ ᠰᠢᠰᠲ᠋ᠧᠮ ᠢ ᠢᠳᠡᠪᠬᠢᠲᠡᠶ | ᠪᠠᠶᠢᠭᠤᠯᠤᠠᠠᠰᠠᠠ ᠤ ᠬᠠᠮᠲᠤ ᠬᠢᠲᠠᠳ ᠡᠮᠨᠡᠯᠭᠡ ᠶᠢᠨ ᠤᠯᠠᠮᠵᠢᠯᠠᠯᠲᠤ ᠡᠮᠴᠢᠯᠡᠭᠡᠨ ᠤ ᠣᠨᠴᠠᠯᠢᠭ ᠢᠶᠠᠨ ᠢᠯᠡᠷᠡᠭᠦᠯᠵᠦ᠂ | ᠠᠷᠢᠭᠤᠨ ᠴᠡᠪᠡᠷ ᠲᠠᠭᠠᠯᠠᠮᠵᠢᠲᠠᠶ ᠡᠪᠡᠳᠴᠢᠨ ᠦᠵᠡᠭᠦᠯᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ | ᠪᠣᠯᠭᠠᠨ᠂ ᠲᠤᠬᠠᠶᠢᠯᠠᠭᠰᠠᠨ ᠠᠵᠢᠯ ᠤᠨ ᠪᠣᠯᠪᠠᠰᠣᠷᠠᠯ᠂ ᠡᠩᠨᠡᠭᠡᠨ ᠤ ᠴᠢᠳᠠᠪᠤᠷᠢ ᠪᠠᠨ ᠴᠢᠩᠭᠠᠳᠬᠠᠵᠤ᠂ ᠬᠡᠷ ᠪᠦᠯᠢ | ᠶᠢᠨ ᠡᠮᠴᠢ ᠶᠢᠨ ᠭᠡᠷ᠎ᠡ ᠲᠣᠭᠲᠠᠬᠤ ᠦᠶᠯᠡᠴᠢᠯᠡᠭᠡ ᠶᠢ ᠨᠠᠷᠢᠯᠢᠠᠠᠵᠢᠭᠤᠯᠥᠨ ᠨᠡᠶᠢᠲᠡ ᠶᠢᠨ ᠠᠰᠠᠷᠠᠮᠵᠢ ᠶᠢᠨ ᠠᠯᠪᠠᠨ | ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠡᠷᠡᠭᠦᠯ ᠮᠡᠨᠳᠦ ᠶᠢᠨ ᠮᠡᠳᠡᠯᠭᠡ ᠶᠢ | ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠳᠤ ᠪᠠᠲᠤᠯᠠᠭ᠎ᠠ ᠬᠠᠩᠭᠠᠵᠦ ᠪᠠᠶᠢᠨ᠎ᠠ᠃ | ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠲᠥᠪ ᠡᠷᠡᠭᠦᠯ ᠬᠠᠮᠠᠭᠠᠯᠠᠯ ᠤᠨ ᠬᠤᠷᠢᠶᠠᠨ ᠤ | ᠳᠠᠷᠤᠭ᠎ᠠ ᠯᠢᠦ ᠰᠢᠶᠣᠤ ᠵᠢᠶᠦ᠋ᠨ ᠬᠡᠯᠡᠬᠦ ᠳᠡᠭᠡᠨ᠄ ︽ᠣᠳᠣᠬᠠᠨ ᠳᠤ ᠮᠠᠨ ᠤ ᠡᠮᠨᠡᠯᠭᠡ ᠳᠤ 27 ᠡᠪᠡᠳᠴᠢᠲᠡᠨ ᠤ | ᠣᠷᠣ ᠪᠠᠶᠢᠵᠦ᠂ ᠡᠮᠨᠡᠯᠭᠡ ᠳᠤ ᠰᠠᠭᠤᠭᠰᠠᠨ ᠡᠪᠡᠳᠴᠢᠲᠡᠨ ᠤ ︿ᠨᠢᠭᠡ ᠥᠷᠲᠡᠭᠡ ᠮᠠᠶ᠋ᠢᠭ ᠤᠨ ᠦᠶᠯᠡᠴᠢᠯᠡᠭᠡ﹀ ᠶᠢᠨ | ᠶᠠᠪᠤᠴᠠ ᠶᠢ ᠰᠢᠯᠢᠳᠡᠭᠵᠢᠭᠦᠯᠵᠦ᠂ ᠳ᠋ᠤᠭᠠᠷᠯᠠᠬᠤ᠂ ᠰᠦᠶᠳᠬᠡᠯ ᠲᠤᠰᠢᠶᠠᠬᠤ᠂ ᠡᠮ ᠠᠪᠬᠤ᠂ ᠲᠠᠩᠰᠠ ᠲᠠᠶᠢᠯᠬᠤ ᠵᠡᠷᠭᠡ | ᠦᠶᠯᠡᠴᠢᠯᠡᠭᠡ ᠬᠠᠩᠭᠠᠨ᠂ 2024 ᠣᠨ ᠤ 9 ᠰᠠᠷ᠎ᠠ ᠠᠴᠠ ᠣᠲᠣ ᠪᠣᠯᠲᠠᠯ᠎ᠠ ᠡᠮᠨᠡᠯᠭᠡ ᠳᠤ ᠰᠠᠭᠤᠭᠰᠠᠨ | ᠡᠪᠡᠳᠴᠢᠲᠡᠨ 200 ᠭᠠᠷᠤᠶ ᠬᠥᠮᠦᠨ ᠤᠳᠠᠭ᠎ᠠ ᠳᠤ ᠬᠦᠷᠴᠡᠶ᠃ ᠮᠠᠨ ᠤ ᠬᠤᠷᠢᠶ᠎ᠠ ᠳᠡᠭᠡᠳᠦ ᠱᠠᠲᠤᠨ ᠤ ᠡᠮᠨᠡᠯᠭᠡ | ᠶᠢᠨ ᠬᠤᠷᠢᠶ᠎ᠠ ᠲᠠᠢ ᠢᠳᠡᠪᠬᠢᠲᠡᠶ ᠬᠠᠮᠲᠤᠷᠠᠨ ︽ᠲᠤᠰᠬᠠᠶ ᠮᠡᠷᠭᠡᠵᠢᠯᠲᠡᠨ ᠦᠨᠳᠦᠰᠥᠨ ᠱᠠᠳᠤᠨ ᠳᠤ ᠪᠠᠭᠤᠵᠤᠡᠮᠨᠡᠬᠦ︾ | ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠣᠨᠣᠰᠢᠯᠠᠨ ᠡᠮᠨᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ | 2024 ᠣᠨ ᠤ ᠡᠭᠦᠳᠡᠨ ᠡᠮᠨᠡᠯᠭᠡ ᠳᠤ ᠡᠮᠨᠡᠭᠦᠯᠦᠭᠰᠡᠨ ᠡᠪᠡᠳᠴᠢᠲᠡᠨ 24 % ᠪᠠᠷ ᠨᠡᠮᠡᠭᠳᠡᠪᠡ᠃ ᠡᠮ ᠡᠮᠨᠡᠯᠭᠡ | ᠶᠢᠨ ᠥᠭᠡᠷᠡᠴᠢᠯᠡᠯᠲᠡ᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠠ ᠡᠮ ᠡᠮᠨᠡᠯᠭᠡ ᠶᠢᠨ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠠᠷ ᠳᠡᠮᠵᠢᠨ᠂ ᠰᠢᠯᠤᠭᠤᠨ ᠬᠥᠬᠡ | ᠬᠤᠰᠢᠭᠤᠨ ᠤ ᠬᠠᠪᠢᠷᠭ᠎ᠠ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠪᠥᠬᠦ ᠬᠦᠴᠦᠨ ᠢᠶᠠᠷ ᠢᠶᠠᠨ | ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠨᠠᠩ ᠰᠠᠶᠢᠨ ᠪᠠᠳᠣᠯᠬᠠᠰᠠᠨ ᠪᠠᠶᠢᠨ᠎ᠠ︾ ᠬᠡᠯᠡ᠃ | ᠣᠶᠢᠯᠠᠭᠠᠭᠰᠠᠨ ᠢᠶᠠᠷ᠂ ᠪᠥᠬᠦ ᠬᠤᠰᠢᠭᠤᠨ ᠤ 9 ᠡᠷᠡᠭᠦᠯ ᠬᠠᠮᠠᠭᠠᠯᠠᠯ ᠤᠨ ᠬᠤᠷᠢᠶ᠎ᠠ ᠦᠨᠳᠦᠰᠦᠨ ᠱᠠᠲᠤᠨ | ᠳᠤ ᠦᠶᠯᠡᠴᠢᠯᠡᠬᠦ ᠴᠢᠨᠠᠷ ᠰᠠᠶᠢᠲᠠᠶ ᠦᠨᠳᠦᠰᠦᠨ ᠪᠠᠷᠢᠮᠵᠢᠶ᠎ᠠ ᠳᠤ ᠬᠦᠷᠴᠦ᠂ ᠦᠨᠳᠦᠰᠦᠨ ᠱᠠᠲᠤᠨ ᠤ 13 | ᠡᠮᠴᠢᠯᠡᠭᠡᠨ ᠤ ᠪᠠᠶᠢᠭᠤᠯᠤᠮᠵᠢ ᠪᠦᠬᠦᠨ ᠢᠶᠠᠷ ᠢᠶᠠᠨ ᠢᠯᠡ ᠲᠣᠳᠣ ᠣᠨᠴᠠᠯᠢᠭ ᠲᠠᠢ ᠬᠢᠲᠠᠳ ᠮᠣᠩᠭᠤᠯ ᠡᠮᠨᠡᠯᠭᠡ ᠶᠢᠨ | ᠣᠷᠳᠣᠨ ᠢ ᠪᠠᠶᠢᠭᠤᠯᠤᠭᠰᠠᠨ ᠪᠥᠭᠡᠳ ᠪᠦᠳᠦᠬᠡᠨ ᠪᠠᠶᠢᠭᠤᠯᠣᠯᠳᠠ ᠶᠢᠨ ᠮᠡᠳᠡᠯᠭᠡ ᠶᠢᠨ ᠪᠤᠯᠤᠩ᠂ ᠪᠦᠷᠬᠦᠴᠡ ᠶᠢᠨ | ᠨᠣᠷᠮ᠎ᠠ ᠨᠢ 100 % ᠳᠤ ᠬᠦᠷᠴᠦ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ | ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ | ᠣᠳᠣᠬᠠᠨ ᠳᠤ᠂ ᠰᠢᠯᠤᠭᠤᠨ ᠬᠥᠬᠡ ᠬᠤᠰᠢᠭᠤᠨ ᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠶᠯᠡᠴᠢᠯᠡᠭᠡ ᠶᠠᠭ ᠠᠯᠬᠤᠮ ᠠᠯᠬᠤᠮ ᠢᠶᠠᠷ ᠣᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ | ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠪᠣᠯᠵᠣ᠂ ᠣᠯᠠᠨ ᠲᠦᠮᠡᠨ ᠭᠠᠳᠠᠬᠰᠢ ᠭᠠᠷᠬᠤ ᠥᠬᠡᠢ ᠪᠠᠷ ᠪᠠᠶᠢᠩᠭᠤ | ᠲᠣᠬᠢᠶᠠᠯᠳᠤᠳᠠᠭ ᠡᠪᠡᠳᠴᠢᠨ ᠡᠮᠭᠡᠭ ᠢ ᠣᠨᠣᠰᠢᠯᠠᠨ ᠡᠮᠨᠡᠬᠦ ᠠᠰᠠᠭᠤᠳᠠᠯ ᠢ ᠰᠢᠶᠳᠪᠦᠷᠢᠯᠡᠵᠦ᠂ ᠡᠮ ᠡᠮᠨᠡᠯᠭᠡ ᠶᠢᠨ | ᠦᠶᠯᠡᠴᠢᠯᠡᠭᠡᠨ ᠤ ᠪᠣᠳᠠᠲᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠤ ᠬᠡᠷ ᠤᠨ | ᠡᠭᠦᠳᠡᠨ ᠳᠠᠬᠢ ︽ᠡᠮᠴᠢᠯᠡᠭᠡ︾ ᠶᠢ ᠨᠠᠩ ᠪᠠᠲᠤ ᠪᠠᠬᠢ ᠪᠣᠯᠭᠠᠵᠤ᠂ ᠲᠡᠳᠡᠨ ᠣᠡᠷᠡᠭᠦᠯ ᠮᠡᠨᠳᠦ ᠶᠢᠨ ᠬᠦᠷᠲᠡᠮᠵᠢ ᠶᠢᠨ | ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ ᠪᠠᠶᠢᠨ᠎ᠠ᠃ | |