5 ᠰᠠᠷ᠎ᠠ ᠶᠢᠨ 6 ᠤ ᠡᠳᠦᠷ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢ | ᠪᠥᠸᠧ ᠹᠧᠩ ᠱᠠᠩᠳᠤ ᠪᠡᠶ᠎ᠡ ᠲᠠᠮᠢᠷ ᠤᠨ ᠴᠡᠴᠡᠷᠯᠢᠭ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ | ᠶᠢᠨ ᠣᠷᠣᠨ᠂ ᠮᠢᠩᠳᠠᠯᠠᠰᠦ᠋ᠮᠡ᠂ ᠶᠤᠸᠠᠨ ᠤ ᠳᠡᠭᠡᠳᠦ ᠨᠡᠶᠢᠰᠯᠡᠯ ᠤᠨ ᠲᠠᠯ᠎ᠠ ᠨᠤᠲᠤᠭ ᠤᠨ ᠺᠢᠨᠣ᠋ ᠲᠧᠯᠸᠢᠰ ᠤᠨ | ᠬᠤᠲᠠ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ᠂ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ | ᠵᠢᠯᠣᠭᠤᠳᠪᠠ᠃ | ᠱᠠᠩᠳᠤ ᠪᠡᠶ᠎ᠡ ᠲᠠᠮᠢᠷ ᠤᠨ ᠴᠡᠴᠡᠷᠯᠢᠭ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠯᠢ ᠪᠥᠸᠧ | ᠹᠧᠩ᠂ ᠪᠡᠶ᠎ᠡ ᠲᠠᠮᠢᠷ ᠤᠨ ᠴᠡᠴᠡᠷᠯᠢᠭ ᠤᠨ ᠲᠦᠷᠦᠯ ᠵᠦᠢᠯ ᠪᠣᠯ ᠥᠷᠭᠡᠨ ᠤᠯᠠᠨ ᠠᠷᠠᠳ ᠲᠦᠮᠡᠨ ᠤ ᠠᠮᠢᠳᠤᠷᠠᠯ ᠳᠤ | ᠬᠤᠯᠪᠣᠭᠳᠠᠬᠤ ᠢᠨᠵᠧᠨᠧᠷᠢᠩ ᠮᠥᠨ᠂ ᠢᠨᠵᠧᠨᠧᠷᠢᠩ ᠤᠨ ᠶᠠᠰᠤ ᠴᠢᠨᠠᠷ ᠢ ᠴᠢᠩᠭᠠᠠᠥᠠᠬᠤᠵᠤ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠᠶᠢᠲ᠋ᠦ᠋ᠷᠭᠡᠳᠬᠡᠨ᠂ᠠᠶᠤᠯᠭᠦᠢᠦᠢᠯᠡᠳᠪᠦᠷᠢᠯᠡᠯᠦᠨᠬᠠᠷᠢᠭᠤᠴᠠᠯᠭᠠ ᠶᠢᠨ ᠲᠦᠷᠢᠮ ᠢ ᠡᠷᠭᠡᠪᠰᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠲᠠᠮᠢᠷ ᠤᠨ ᠬᠥᠳᠡᠯᠭᠡᠭᠡᠨ ᠤ ᠮᠠᠰᠢᠨᠲ᠋ᠥ᠋ᠬᠦᠭᠡᠷᠦᠮᠵᠢ ᠶᠢ ᠰᠢᠨᠵᠢᠯᠡᠬᠦ | ᠤᠬᠠᠭᠠᠨᠴᠢ ᠪᠠᠷ ᠲᠤᠬᠢᠷᠠᠭᠤᠯᠵᠤ᠂ ᠠᠷᠠᠳ ᠤᠨᠠᠮᠢᠳᠤᠷᠠᠯ ᠤᠨ ᠢᠨᠵᠧᠨᠧᠷᠢᠩ ᠢ ᠦᠨᠡᠨ ᠬᠦ ᠤᠯᠠᠨ ᠲᠦᠮᠡᠨ ᠤ | ᠰᠡᠳᠬᠢᠯ ᠬᠠᠨᠤᠮᠵᠢᠲᠠᠢ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ᠃ | ᠶᠤᠸᠠᠨ ᠤ ᠳᠡᠭᠡᠳᠦ ᠨᠡᠶᠢᠰᠯᠡᠯ ᠤᠨ ᠠᠯᠳᠠᠩᠬᠤᠸ᠎ᠠ ᠶᠢᠨ ᠲᠠᠯ᠎ᠠ ᠨᠤᠲᠤᠭ ᠤᠨ ᠠᠮᠠᠷᠠᠯᠲᠠ ᠶᠢᠨ ᠭᠠᠵᠠᠷ ᠢ | ᠰᠣᠩᠭᠤᠬᠤ ᠲᠠᠯᠠᠪᠡᠷ ᠯᠢ ᠪᠥᠸᠧ ᠹᠧᠩ ᠱᠠᠭᠠᠷᠳᠠᠭᠰᠠᠨ ᠨᠢ᠂ ︽ᠳᠡᠯᠡᠬᠡᠶ ᠶᠢᠨ ᠥᠪ ᠢ ᠪᠡᠶᠡᠴᠢᠯᠡᠨ ᠤᠶᠢᠯᠠᠭᠠᠬᠤ | ᠤᠷᠤᠨ︾ ᠤ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ | ᠬᠢᠭᠡᠳ ᠠᠮᠠᠷᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠢᠯᠡ | ᠲᠣᠳᠣ ᠣᠨᠴᠠᠯᠢᠭ ᠢ ᠲᠣᠪᠣᠶᠢᠯᠭᠠᠵᠣ ᠠᠭᠤᠰᠬᠠᠬᠰᠡᠨ ᠡᠵᠡᠩᠨᠡᠯᠲᠡ ᠶᠢᠨ ᠬᠡᠯᠪᠡᠷᠢ ᠶᠢ ᠪᠣᠶ ᠪᠣᠯᠭᠠᠵᠤ᠂ ᠠᠮᠠᠷᠠᠯᠲᠠ | ᠶᠢᠨ ᠣᠷᠣᠨ ᠢ ᠰᠢᠯᠢ ᠶᠢᠨ ᠭᠤᠤᠯ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠰᠢᠨ᠎ᠡ ᠭᠠᠵᠠᠷ ᠪᠣᠯᠭᠠᠨ ᠪᠥᠲᠥᠭᠡᠨ | ᠪᠠᠶᠢᠭᠤᠯᠬᠤ ᠬᠡᠷᠡᠭᠲᠡᠶ ᠬᠡᠵᠡᠢ᠃ | ︽ᠲᠠᠪᠦ ᠨᠢᠬᠡ ᠮᠠᠯᠵᠢᠯ ᠤᠨ ᠲᠠᠯᠠᠪᠠᠢ︾ ᠳᠤ ᠯᠢ ᠪᠥᠸᠧ ᠹᠧᠩ᠂ ᠮᠢᠩᠳᠠᠯᠠ ᠰᠦᠮ᠎ᠡ ᠶᠢᠨ ᠰᠡᠯᠪᠢᠨ ᠵᠠᠰᠠᠬᠤ | ᠢᠨᠵᠧᠨᠧᠷᠢᠩ ᠢ ᠪᠠᠶᠢᠴᠠᠭᠠᠨ ᠦᠵᠡᠬᠦ ᠳᠡᠭᠡᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠳᠤ ︽ | ᠬᠠᠭᠤᠴᠢᠨ ᠬᠡᠪ ᠢᠶᠠᠷ ᠨᠢ ᠰᠡᠯᠪᠢᠨ ᠵᠠᠰᠠᠵᠤ︾᠂ ᠰᠡᠯᠪᠢᠨ ᠵᠠᠰᠠᠬᠤ ᠤᠷ᠎ᠠᠮᠡᠷᠭᠡᠵᠢᠯ ᠤᠨ ᠲᠡᠦᠬᠡ ᠶᠢᠨ ᠤᠤᠯ | ᠳᠦᠷᠰᠦ ᠪᠠᠶᠢᠳᠠᠯ ᠳᠤ ᠨᠡᠶᠢᠴᠡᠬᠦ ᠶᠢ ᠪᠠᠲᠤᠯᠠᠬᠤ ᠬᠡᠷᠡᠭᠲᠡᠢ᠃ ᠲᠡᠷᠢᠭᠦᠨ ᠤ ᠭᠠᠵᠠᠷ ᠣᠷᠣᠨ ᠠᠴᠠ ᠠᠮᠵᠢᠯᠲᠠ ᠲᠠᠢ | ᠲᠤᠷᠰᠢᠯᠭ᠎ᠠ ᠶᠢ ᠰᠤᠷᠤᠯᠴᠠᠵᠤ᠂ ᠥᠪᠡᠷᠮᠢᠴᠡ ᠣᠨᠴᠠᠯᠢᠭ ᠪᠥᠬᠦᠶ ᠵᠠᠩ ᠦᠶᠯᠡ ᠶᠢᠨ ᠭᠤᠤᠯ ᠰᠡᠳᠦᠪᠲᠦ ᠠᠷᠠᠳ ᠤᠨ | ᠰᠠᠭᠤᠴᠠᠶᠢᠨ ᠰᠠᠭᠤᠷᠢᠰᠢᠯ᠂ ᠢᠵᠢ ᠪᠥᠷᠢᠳᠦᠭᠦᠯᠦᠨ ᠵᠢᠷᠤᠵᠤ ᠲᠥᠯᠥᠪᠯᠡᠭᠰᠡᠨᠮᠠᠯᠵᠢᠬᠤ ᠡᠷᠦᠬᠡ ᠶᠢᠨ ᠠᠮᠢᠳᠤᠷᠠᠯ ᠢ | ᠣᠶᠢᠯᠠᠭᠠᠬᠤ ᠵᠡᠷᠭᠡ ᠵᠢᠭᠤᠯᠴᠢᠯᠠᠯ ᠤᠨ ᠲᠥᠷᠥᠯ ᠵᠦᠶᠯ ᠢ ᠲᠥᠯᠥᠪᠵᠢᠭᠦᠯᠦᠨ ᠪᠠᠶᠢᠭᠤᠯᠵᠤ᠂ ᠲᠡᠦᠬᠡ ᠶᠢᠨ | ᠳᠤᠷᠠᠰᠬᠠᠯᠲᠤ ᠵᠦᠶᠯᠡᠰ ᠢ ᠬᠠᠮᠠᠭᠠᠯᠠᠵᠤ ᠠᠰᠢᠭᠯᠠᠬᠤ ᠬᠢᠭᠡᠳ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠶᠢᠨ | ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠶᠤᠸᠠᠨ ᠤ ᠳᠡᠭᠡᠳᠦ ᠨᠡᠶᠢᠰᠯᠡᠯ ᠤᠨ ᠲᠠᠯ᠎ᠠ ᠨᠤᠲᠤᠭ ᠤᠨ | ᠺᠢᠨᠣ᠋ ᠲᠧᠯᠸᠢᠰ ᠤᠨ ᠬᠤᠲᠠ ᠪᠣᠯᠤᠨ ᠲᠠᠯ᠎ᠠ ᠨᠤᠲᠤᠭ ᠤᠨ ᠪᠠᠶᠢᠷᠢ ᠶᠢᠨ ᠴᠤᠭᠯᠠᠭᠠᠨ ᠤ ᠲᠥᠷᠥᠯ ᠵᠦᠶᠯ ᠳᠤ | ᠴᠢᠭᠯᠡᠭᠦᠯᠦᠨ᠂ ᠯᠢ ᠪᠦᠸᠧ ᠹᠧᠩ ᠱᠠᠭᠠᠷᠳ᠋ᠬᠠᠰᠠᠨ ᠨᠢ᠂ ᠡᠵᠡᠩᠨᠡᠯᠲᠡ ᠶᠢᠨ ᠠᠵᠤ ᠠᠬᠤᠶᠢᠯᠠᠯ ᠢ ᠲᠧᠯᠸᠢᠰ ᠵᠦᠴᠦᠭᠡ | ︽ᠬᠤᠪᠢᠯᠠᠢ︾ ᠶᠢ ᠨᠡᠪᠲᠡᠷᠡᠭᠦᠯᠬᠦ ᠠᠵᠠ ᠲᠣᠬᠢᠶᠠᠯ ᠢ ᠡᠵᠡᠮᠳᠡᠵᠤ᠂ ᠵᠢᠭᠤᠯᠴᠢᠯᠠᠯ ᠤᠨ ᠦᠶᠯᠡᠴᠢᠯᠡᠭᠡᠨ ᠤ | ᠲᠥᠬᠦᠭᠡᠷᠦᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠣᠨᠴᠠᠯᠢᠭᠲᠤ ᠵᠢᠭᠤᠯᠴᠢᠯᠠᠯ ᠢ ᠴᠢᠷᠮᠠᠶᠢᠨ ᠪᠤᠢ ᠪᠤᠯᠭᠠᠬᠤ | ᠬᠡᠷᠡᠭᠲᠡᠶ ᠬᠡᠯᠡ᠃ | ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠠᠩᠪᠦ᠋ᠬᠡ᠂ ᠬᠤᠰᠢᠭᠤ ᠨᠠᠮ ᠤᠨ ᠬᠤᠷᠢᠶᠠᠨ | ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠠᠮᠵᠢᠯᠳᠣ᠂ ᠬᠤᠰᠢᠭᠤ ᠨᠠᠮ ᠤᠨ ᠬᠤᠷᠢᠶᠠᠨ | ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠼᠤᠤ ᠵᠧᠨ ᠢᠦ᠋ᠢ᠂ | ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠡᠩᠭᠡᠯ᠂ ᠠᠶᠢᠮᠠᠭ ᠤᠨ ᠰᠣᠶᠣᠯ ᠤᠨ ᠥᠪ ᠢ ᠬᠠᠮᠠᠭᠠᠯᠠᠬᠤ | ᠰᠤᠳᠤᠯᠭᠠᠨ ᠤ ᠲᠥᠪ ᠤᠨ ᠡᠷᠬᠢᠯᠡᠭᠴᠢ ᠸᠠᠩ ᠬᠤᠤ ᠳ᠋ᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ | |