4 ᠰᠠᠷ᠎ᠠ ᠶᠢᠨ 5 ᠤ ᠡᠳᠦᠷ ᠠᠴᠠ ᠡᠬᠢᠯᠡᠨ ᠰᠢᠯᠤᠭᠤᠨ ᠬᠥᠬᠡ ᠬᠤᠰᠢᠭᠤᠨ ᠤ 1100 ᠲᠦᠮᠡᠨ ᠮᠥ | ᠪᠡᠯᠴᠢᠭᠡᠷ 45 ᠡᠳᠦᠷ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠤᠷᠤᠯ᠎ᠠ᠃ ᠣᠯᠠᠩᠬᠢ ᠮᠠᠯᠴᠢᠳ ᠮᠠᠯ ᠤᠨᠤᠭ᠎ᠠ | ᠪᠠᠨ ᠬᠠᠰᠢᠶᠠᠯᠠᠨ ᠳᠡᠵᠢᠭᠡᠵᠦ ᠪᠠᠶᠢᠬᠤ ᠳᠤ ᠪᠤᠱᠤᠤᠳᠠᠢ ᠰᠤᠮᠤᠨ ᠤ ᠠᠮᠪᠠᠨ ᠰᠢᠷ᠎ᠠ ᠭᠠᠴᠠᠭᠠᠨ ᠤ ᠮᠠᠯᠴᠢᠳ ᠬᠠᠷᠢᠨ | ᠪᠤᠰᠤᠳ ᠠᠴᠠ ᠤᠨᠴᠠᠭᠠᠢ ᠪᠠᠶᠢᠯ᠎ᠠ᠃ ᠡᠨᠡ ᠲᠤᠬᠠᠢ ᠮᠠᠯᠴᠢᠨ ᠲᠠᠷᠢᠰᠡᠷᠡᠩ ᠬᠡᠯᠡᠬᠦ ᠳᠡᠭᠡᠨ᠄ ︽ᠥᠩᠭᠡᠷᠡᠭᠰᠡᠨ ᠳᠤ | ᠬᠠᠰᠢᠶᠠᠯᠠᠭ᠎ᠠ ᠶᠢᠨ ᠬᠤᠭᠤᠴᠠᠭ᠎ᠠ ᠪᠤᠯᠪᠠᠯ ᠡᠳᠦᠷ ᠪᠤᠯᠭᠠᠨ ᠳᠡᠵᠢᠭᠡᠵᠦ ᠡᠪᠡᠰᠦᠯᠡᠬᠦ᠂ ᠬᠠᠰᠢᠶ᠎ᠠ ᠰᠠᠷᠠᠪᠴᠢ ᠴᠡᠪᠡᠷᠯᠡᠬᠦ | ᠵᠡᠷᠭᠡ ᠮᠠᠰᠢ ᠤᠯᠠᠨ ᠠᠵᠢᠯ ᠲᠠᠢ ᠪᠠᠶᠢᠳᠠᠭ᠃ ᠭᠠᠴᠠᠭᠠᠨ ᠳᠠᠭᠠᠨ ᠨᠠᠶᠢᠳᠠᠨ ᠲᠡᠵᠢᠭᠡᠯᠭᠡᠬᠦ ᠰᠠᠭᠤᠷᠢᠨ ᠭᠠᠵᠠᠷ ᠲᠠᠢ | ᠪᠣᠯᠤᠭᠰᠠᠨ ᠠᠴᠠ ᠪᠢ 12 ᠦᠬᠡᠷ ᠢᠶᠠᠨ ᠲᠡᠨᠳᠡ ᠨᠠᠶᠢᠳᠠᠨ ᠳᠡᠵᠢᠭᠡᠯᠭᠡᠵᠠᠢ︾ ᠭᠡᠯᠡ᠃ | ᠠᠮᠪᠠᠨ ᠰᠢᠷ᠎ᠠ ᠭᠠᠴᠠᠭᠠᠨ ᠤ ᠨᠠᠶᠢᠳᠠᠨ ᠲᠡᠵᠢᠭᠡᠯᠭᠡᠬᠦ ᠰᠠᠭᠤᠷᠢᠨ ᠳᠤ ᠠᠭᠤᠵᠢᠮ ᠰᠠᠷᠠᠭᠤᠯ ᠬᠠᠰᠢᠶ᠎ᠠ ᠰᠠᠷᠠᠪᠴᠢ | ᠮᠦᠷ ᠳᠠᠷᠠᠭᠠᠯᠠᠨ ᠵᠢᠭᠳᠡᠷᠡᠵᠦ᠂ ᠦᠶᠯᠡᠳᠪᠦᠷᠢ ᠶᠢᠨ ᠳᠠᠰᠤᠭ ᠲᠤ ᠠᠵᠢᠯᠴᠢᠳ ᠲᠤᠰᠬᠠᠢ ᠮᠠᠰᠢᠨ ᠢᠶᠠᠷ ᠬᠠᠭᠤᠷᠠᠶ | ᠡᠪᠡᠰᠦ ᠪᠠ ᠨᠠᠷᠢᠯᠢᠭ ᠪᠣᠷᠳᠤᠭ᠎ᠠ ᠶᠢ ᠬᠤᠯᠢᠨ ᠳᠡᠵᠢᠭᠡᠯ ᠪᠤᠷᠳᠤᠭ᠎ᠠ ᠪᠤᠯᠪᠠᠰᠤᠷᠠᠭᠤᠯᠵᠤ ᠪᠠᠶᠢᠯ᠎ᠠ᠃ ︽ᠪᠢᠳᠡ | ᠬᠠᠭᠤᠷᠠᠶ ᠡᠪᠡᠰᠦ᠂ ᠨᠤᠭᠤᠭᠠᠨ ᠳᠠᠷᠤᠰᠢ᠂ ᠨᠠᠷᠢᠯᠢᠭ ᠪᠣᠷᠳᠤᠭ᠎ᠠ ᠵᠡᠷᠭᠡ ᠴᠢᠨᠠᠷ ᠰᠠᠶᠢᠲᠠᠶ ᠡᠪᠡᠰᠦ ᠪᠣᠷᠳᠤᠭ᠎ᠠ ᠶᠢ | ᠬᠡᠷᠡᠭᠯᠡᠵᠦ᠂ ᠦᠬᠡᠷ ᠤᠨ ᠰᠢᠮ᠎ᠡ ᠲᠡᠵᠢᠭᠡᠯ ᠭᠦᠶᠴᠡᠳ ᠪᠠᠶᠢᠬᠤ ᠶᠢ ᠪᠠᠲᠤᠯᠠᠨ᠎ᠠ︾ ᠭᠡᠵᠦ ᠠᠵᠢᠯ ᠬᠢᠬᠦ ᠳᠤᠮᠳᠠ | ᠪᠢᠳᠡᠨ ᠳᠤ ᠳᠠᠨᠢᠯᠴᠠᠭᠤᠯᠤᠯ᠎ᠠ᠃ | ᠲᠣᠰ ᠰᠠᠭᠤᠷᠢᠨ ᠭᠠᠵᠠᠷ ᠨᠢ 6000 ᠲᠡᠭᠰᠢ ᠳᠥᠷᠪᠡᠯᠵᠢᠨ ᠮᠧᠲᠷ ᠳᠠᠯᠠᠪᠠᠢ ᠲᠠᠢ ᠪᠠᠶᠢᠵᠦ᠂ 1000 | ᠦᠭᠡᠷ ᠪᠤᠷᠳᠤᠨ ᠳᠡᠵᠢᠭᠡᠬᠦ ᠴᠢᠳᠠᠮᠵᠢ ᠲᠠᠢ᠃ ᠠᠮᠪᠠᠨ ᠰᠢᠷ᠎ᠠ ᠭᠠᠴᠠᠭᠠᠨ ᠤ ᠮᠠᠯᠴᠢᠳ ᠤᠨ ᠬᠤᠷᠰᠢᠶᠠᠵᠢᠯ ᠠᠴᠠ | ᠨᠢᠭᠡᠳᠦᠯᠲᠡᠶ ᠬᠠᠮᠢᠶᠠᠷᠴᠤ᠂ ᠮᠠᠯᠴᠢᠳ ᠦᠬᠡᠷ ᠢᠶᠠᠨ ᠰᠠᠷ᠎ᠠ ᠪᠦᠷᠢ 450 ᠲᠥᠭᠦᠷᠢᠭ ᠢᠶᠠᠷ ᠨᠠᠶᠢᠳᠠᠨ ᠲᠡᠵᠢᠭᠡᠯᠭᠡᠨᠡ᠃ | ᠣᠳᠣᠬᠠᠨ ᠳᠤ ᠲᠤᠰ ᠰᠠᠭᠤᠷᠢᠨ ᠳᠤ 340 ᠦᠬᠡᠷ ᠨᠡᠶᠢᠳᠡᠨ ᠳᠡᠵᠢᠭᠡᠯᠭᠡᠵᠦ᠂ ᠲᠡᠵᠢᠭᠡᠯ ᠪᠤᠷᠳᠤᠭ᠎ᠠ ᠶᠢ ᠨᠢ | ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ ᠠᠷᠠᠴᠢᠯᠠᠭᠰᠠᠨ ᠢᠶᠠᠷ ᠡᠳᠦᠷ ᠲᠤ ᠳᠡᠭᠰᠢᠳᠭᠡᠭᠡᠳ 2 - 3 ᠵᠢᠩ | ᠨᠡᠮᠡᠭᠳᠡᠵᠦ ᠪᠤᠢ᠃ | ᠤᠶᠢᠯᠠᠭᠠᠭᠰᠠᠨ ᠢᠶᠠᠷ᠂ ᠨᠠᠶᠢᠳᠠᠨ ᠳᠡᠵᠢᠭᠡᠯᠭᠡᠭᠦ ᠰᠠᠭᠤᠷᠢᠨ ᠢ ᠨᠢᠳᠤᠨᠤᠨ ᠤ 8 ᠰᠠᠷ᠎ᠠ ᠳᠤ ᠡᠬᠢᠯᠡᠭᠦᠯᠦᠨ 12 | ᠰᠠᠷ᠎ᠠ ᠳᠤ ᠪᠠᠶᠢᠭᠤᠯᠵᠤ ᠳᠠᠭᠤᠰᠬᠠᠭᠠᠳ ᠡᠨᠡ ᠵᠢᠯ ᠤᠨ 4 ᠰᠠᠷ᠎ᠠ ᠳᠤ ᠡᠵᠡᠩᠨᠡᠯᠲᠡ ᠪᠠᠨ ᠡᠬᠢᠯᠡᠭᠦᠯᠵᠡᠢ᠃ ᠡᠬᠢᠯᠡᠭᠡᠳ | ᠵᠥᠪᠬᠡᠨ 5 ᠮᠠᠯᠴᠢᠨ ᠡᠷᠦᠬᠡ 150 ᠦᠬᠡᠷ ᠢᠶᠠᠨ ᠨᠠᠶᠢᠳᠠᠨ ᠲᠡᠵᠢᠭᠡᠯᠭᠡᠬᠦ ᠪᠠᠷ ᠠᠪᠴᠢᠷᠠᠭᠰᠠᠨ ᠪᠤᠯ ᠤᠳᠤ 10 | ᠡᠷᠦᠬᠡ ᠪᠣᠯᠤᠨ ᠨᠡᠮᠡᠭᠳᠡᠵᠦ᠂ ᠦᠬᠡᠷ ᠤᠨ ᠲᠤᠭ᠎ᠠ ᠨᠡᠮᠡᠭᠳᠡᠭᠡᠳ 340 ᠭᠠᠷᠤᠶ ᠪᠤᠯᠵᠠᠢ᠃ ᠡᠪᠡᠳᠴᠢᠨ ᠡᠮᠭᠡᠭ ᠢ | ᠰᠡᠷᠭᠡᠶᠢᠯᠡᠬᠦ ᠶᠢᠨ ᠲᠥᠯᠥᠭᠡ ᠰᠠᠭᠤᠷᠢᠨ ᠭᠠᠵᠠᠷ ᠪᠣᠯᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ | ᠬᠠᠮᠲᠤᠷᠠᠨ ᠴᠢᠩᠭ᠎ᠠ ᠨᠢᠮᠪᠠᠶ ᠰᠢᠯᠭᠠᠨ ᠪᠠᠶᠢᠴᠠᠭᠠᠬᠤ ᠠᠷᠭ᠎ᠠ ᠬᠡᠮᠵᠢᠶ᠎ᠡ ᠲᠤᠭᠳᠠᠭᠠᠵᠤ᠂ ᠰᠠᠭᠤᠷᠢᠨ ᠭᠠᠵᠠᠷ ᠲᠤ | ᠨᠠᠶᠢᠳᠠᠨ ᠲᠡᠵᠢᠭᠡᠯᠭᠡᠬᠦ ᠦᠬᠡᠷ ᠪᠤᠯᠭᠠᠨ ᠢ ᠴᠦᠮ ᠤᠷᠢᠳᠠᠪᠠᠷ ᠴᠢᠰᠦᠨ ᠤ ᠪᠠᠶᠢᠴᠠᠭᠠᠯᠳᠠ ᠬᠢᠭᠰᠡᠨ ᠤ ᠳᠠᠷᠠᠭ᠎ᠠ ᠰᠠᠶ᠋ᠢ | ᠤᠷᠤᠭᠤᠯᠵᠤ ᠠᠪᠴᠢᠷᠠᠳᠠᠭ᠃ ᠠᠮᠪᠠᠨ ᠰᠢᠷ᠎ᠠ ᠭᠠᠴᠠᠭᠠᠨ ᠤ ᠭᠠᠴᠠᠭᠠᠨ ᠵᠥᠪᠯᠡᠯ ᠤᠨ ᠳᠡᠳ᠋ ᠡᠷᠬᠢᠯᠡᠭᠴᠢ ᠪᠤᠶᠠᠨᠳᠡᠯᠭᠡᠷ | ᠬᠡᠯᠡᠬᠦ ᠳᠡᠭᠡᠨ᠄ ︽ᠦᠬᠡᠷ ᠨᠢᠭᠡᠪᠦᠷᠢ ᠶᠢᠨ ᠡᠷᠡᠭᠦᠯ ᠮᠡᠨᠳᠦ ᠶᠢᠨ ᠪᠠᠶᠢᠳᠠᠯ ᠰᠠᠶᠢᠨ ᠪᠠᠶᠢᠬᠤ ᠶᠢ ᠪᠠᠲᠤᠯᠠᠪᠠᠯ ᠰᠠᠶ᠋ᠢ | ᠪᠦᠬᠦᠶᠢᠯᠡ ᠲᠡᠵᠢᠭᠡᠨ ᠦᠷᠡᠵᠢᠭᠦᠯᠬᠦ ᠰᠠᠭᠤᠷᠢᠨ ᠤ ᠬᠥᠭᠵᠢᠯᠲᠡ ᠶᠢ ᠪᠠᠲᠤᠯᠠᠵᠤ᠂ ᠮᠠᠯᠴᠢᠳ ᠴᠦ ᠦᠬᠡᠷ ᠢᠶᠠᠨ | ᠰᠠᠨᠠᠭ᠎ᠠ ᠠᠮᠤᠷ ᠪᠢᠳᠡᠨ ᠳᠤ ᠲᠤᠰᠢᠶᠠᠵᠤ ᠥᠭᠴᠦ ᠴᠢᠳᠠᠨ᠎ᠠ︾ ᠭᠡᠯᠡ᠃ | ᠣᠶᠢᠯᠠᠭᠠᠭᠰᠠᠨ ᠢᠶᠠᠷ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ | ᠳᠠᠶᠢᠯᠠᠯᠳᠤᠭᠠᠨ ᠤ ᠤᠷᠢᠶᠠᠯᠠᠭ᠎ᠠ ᠪᠠᠷ᠂ ᠪᠤᠱᠤᠤᠳᠠᠢ ᠰᠤᠮᠤ ᠠᠮᠢ ᠠᠬᠤᠶ ᠶᠢᠨ ᠬᠠᠮᠠᠭᠠᠯᠠᠯᠲᠠ ᠪᠠ ᠮᠠᠯᠴᠢᠳ ᠤᠨ ᠠᠵᠤ | ᠦᠶᠯᠡᠰ ᠤᠨ ᠬᠥᠭᠵᠢᠯᠲᠡ ᠶᠢᠨ ᠳᠠᠪᠬᠤᠷ ᠬᠡᠷᠡᠭᠴᠡᠭᠡ ᠳᠤ ᠰᠠᠭᠤᠷᠢᠯᠠᠨ᠂ ᠮᠠᠯ ᠪᠡᠯᠴᠢᠭᠡᠷ ᠤᠨ ᠲᠡᠩᠴᠡᠭᠦᠷᠢ ᠶᠢᠨ | ᠣᠶᠢᠯᠠᠭᠠᠭᠳᠠᠬᠤᠨ ᠢ ᠬᠥᠭᠵᠢᠯᠲᠡ ᠶᠢᠨ ᠪᠥᠬᠦ ᠶᠠᠪᠤᠴᠠ ᠳᠤ ᠲᠤᠭᠤᠰᠢᠯᠠᠭᠤᠯᠵᠤ᠂ ︽ᠠᠮᠢ ᠠᠬᠤᠶ ᠶᠢ ᠰᠡᠷᠭᠦᠭᠡᠬᠦ — | ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ — ᠠᠵᠤ ᠦᠶᠯᠡᠰ ᠢ ᠤᠷᠲᠤᠳᠬᠠᠬᠤ︾ ᠨᠢᠭᠡ | ᠴᠣᠭᠴᠠᠵᠢᠭᠤᠯᠤᠭᠰᠠᠨ ᠵᠠᠭᠪᠤᠷ ᠢ ᠪᠠᠶᠢᠭᠤᠯᠵᠠᠢ᠃ ᠠᠮᠪᠠᠨ ᠰᠢᠷ᠎ᠠ ᠭᠠᠴᠠᠭ᠎ᠠ ᠨᠢ 85% ᠶᠢᠨ ᠨᠤᠲᠤᠭ ᠪᠡᠯᠴᠢᠭᠡᠷ ᠢ | ᠠᠮᠢ ᠠᠬᠤᠶ ᠶᠢ ᠰᠡᠷᠭᠦᠭᠡᠬᠦ ᠲᠥᠷᠥᠯ ᠵᠦᠶᠯ ᠳᠤ ᠣᠷᠣᠭᠤᠯᠬᠤ ᠶᠢᠨ ᠬᠠᠮᠲᠤ ᠲᠠᠷᠢᠶᠠᠯᠠᠩ ᠮᠠᠯ ᠠᠵᠤ ᠠᠬᠤᠶ ᠶᠢᠨ | ᠲᠥᠷᠥᠯ ᠵᠦᠶᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠯᠠ ᠮᠥᠩᠭᠦ ᠳᠤ ᠲᠦᠰᠢᠭᠯᠡᠨ᠂ | ᠨᠠᠶᠢᠳᠠᠨ ᠲᠡᠵᠢᠭᠡᠯᠭᠡᠬᠦ᠂ ᠣᠷᠣᠯᠠᠨ ᠲᠡᠵᠢᠭᠡᠯᠭᠡᠬᠦ᠂ ᠪᠣᠷᠳᠣᠨ ᠲᠠᠷᠭᠤᠯᠠᠭᠤᠯᠬᠤ ᠶᠢ ᠨᠢᠭᠡ ᠴᠣᠭᠴᠠᠵᠢᠭᠤᠯᠤᠭᠰᠠᠨ | ᠶᠡᠷᠦᠩᠬᠡᠶᠢᠯᠡᠭᠰᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠤᠭᠰᠠᠨ ᠪᠠᠶᠢᠨ᠎ᠠ᠃ | ᠠᠮᠢ ᠠᠬᠤᠶ ᠶᠢ ᠬᠠᠮᠠᠭᠠᠯᠠᠬᠤ ᠶᠢᠨ ᠬᠠᠮᠲᠤ ᠦᠶᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠢᠳᠡᠪᠬᠢᠲᠡᠶ | ᠬᠤᠪᠢᠷᠠᠭᠤᠯᠵᠤ᠂ ᠲᠡᠵᠢᠭᠡᠨ ᠦᠷᠡᠵᠢᠭᠦᠯᠬᠦ ᠪᠦᠲᠦᠴᠡ ᠪᠠᠨ ᠰᠢᠯᠢᠳᠡᠭᠵᠢᠭᠦᠯᠦᠨ᠂ ᠰᠢᠮᠧᠨ᠋ᠲ᠋ᠠᠷ ᠦᠬᠡᠷ ᠪᠠ ᠬᠤᠸᠠ ᠰᠢ | ᠦᠬᠡᠷ ᠤᠨ ᠡᠭᠦᠯᠳᠡᠷ ᠢ ᠲᠦᠭᠡᠮᠡᠯᠵᠢᠬᠦᠯᠵᠦ᠂ ᠬᠡᠪᠴᠢᠶᠡᠵᠢᠭᠦᠯᠦᠨ ᠳᠡᠵᠢᠭᠡᠵᠦ ᠪᠣᠶᠢᠵᠢᠭᠤᠯᠬᠤ ᠰᠠᠭᠤᠷᠢᠨ ᠭᠠᠵᠠᠷ ᠢ | ᠪᠠᠶᠢᠭᠤᠯᠤᠭᠰᠠᠨ ᠪᠠᠶᠢᠨ᠎ᠠ᠃ TMR ᠬᠤᠯᠢᠮᠠᠭ ᠪᠤᠷᠳᠤᠭ᠎ᠠ ᠪᠠᠷ ᠲᠡᠵᠢᠭᠡᠬᠦ ᠵᠠᠭᠪᠤᠷ ᠢ ᠭᠡᠷᠡᠭᠵᠢᠬᠦᠯᠬᠦ ᠪᠠᠷ | ᠳᠠᠮᠵᠢᠭᠤᠯᠤᠨ᠂ ᠰᠠᠭᠤᠷᠢᠨ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠪᠠᠷᠠᠬᠤ ᠥᠬᠡᠶ ᠪᠠᠰᠠ ᠡᠷᠬᠢᠨ | ᠲᠣᠭᠤᠷᠢᠨ ᠤ ᠭᠠᠴᠠᠭ᠎ᠠ ᠶᠢ ᠲᠠᠶᠢᠴᠢᠯᠠᠵᠤ ᠪᠤᠢ᠃ ᠡᠨᠡᠬᠦ ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ ᠦᠢᠯᠡᠰ | ᠤᠨ ᠬᠥᠭᠵᠢᠯᠲᠡ ᠶᠢᠨ ᠬᠤᠣᠰ ᠠᠮᠵᠢᠯᠲᠠ ᠶᠢᠨ ᠬᠡᠪ ᠵᠠᠭᠪᠤᠷ ᠨᠢ ᠲᠠᠯ᠎ᠠ ᠨᠤᠲᠤᠭ ᠤᠨ ᠦᠷᠭᠦᠯᠵᠢᠯᠡᠬᠦ ᠬᠥᠭᠵᠢᠯᠲᠡ | ᠳᠤ ᠰᠢᠨ᠎ᠡ ᠠᠷᠭ᠎ᠠ ᠵᠠᠮ ᠢ ᠰᠦᠪᠡᠭᠴᠢᠯᠡᠵᠦ ᠦᠭᠭᠦᠭᠰᠡᠨ ᠪᠠᠶᠢᠨ᠎ᠠ᠃ | |