ᠮᠠᠯᠴᠢᠨ ᠬᠤᠤᠰᠪᠦ᠋ᠷᠢᠨ ᠨᠠᠬᠢᠶ᠎ᠠ ᠬᠤᠶᠠᠷ ᠦᠭᠡᠷ ᠤᠨ ᠪᠤᠷᠴᠠ ᠪᠠᠨ ᠰᠦᠯᠵᠢᠶ᠎ᠡ ᠪᠠᠷ ᠪᠤᠷᠤᠯᠠᠭᠤᠯᠵᠤ ᠤᠷᠤᠯᠭ᠎ᠠ ᠪᠠᠨ ᠨᠡᠮᠡᠭᠳᠡᠭᠦᠯᠵᠦ ᠪᠤᠢ
ᠨᠡᠶᠢᠲᠡᠯᠡᠭᠰᠡᠨ ᠴᠠᠭ᠄
2025/5/8
      ᠰᠢᠯᠤᠭᠤᠨ ᠬᠥᠬᠡ ᠬᠤᠰᠢᠭᠤᠨ ᠤ ᠨᠠᠷᠠᠳᠤ ᠰᠣᠮᠣᠨ ᠤ ᠳᠠᠭᠤᠲᠤ ᠨᠠᠭᠤᠷ ᠭᠠᠴᠠᠭᠠᠨ ᠤ ᠮᠠᠯᠴᠢᠨ ᠬᠤᠤᠰᠪᠦ᠋ᠷᠢᠨ ᠬᠡᠷᠭᠡᠢ ᠨᠠᠬᠢᠶ᠎ᠠ ᠲᠠᠢ ᠪᠠᠨ ᠬᠤᠶᠠᠭᠤᠯᠠ ᠤᠯᠠᠮᠵᠢᠯᠠᠯᠲᠤ ᠠᠷᠭ᠎ᠠ ᠪᠠᠷ ᠬᠠᠳᠠᠭᠠᠭᠰᠠᠨ ᠦᠭᠡᠷ ᠤᠨ ᠪᠤᠷᠴᠠ ᠪᠠᠨ ᠰᠦᠯᠵᠢᠶ᠎ᠡ ᠪᠠᠷ ᠪᠤᠷᠤᠯᠠᠭᠤᠯᠤᠨ ᠤᠷᠤᠯᠭ᠎ᠠ ᠡᠭᠦᠳᠬᠦ ᠶᠢᠨ ᠬᠠᠮᠳᠤ ᠲᠠᠯ᠎ᠠ ᠨᠤᠳᠤᠭ ᠤᠨ ᠦᠨᠦᠷ ᠠᠮᠳᠠ  ᠶᠢ ᠨᠡᠩ ᠤᠯᠠᠨ ᠬᠦᠮᠦᠰ ᠲᠤ ᠳᠠᠨᠢᠭᠤᠯᠵᠤ ᠪᠤᠢ᠃     ᠡᠳᠡᠨᠡᠶᠢᠬᠢ ᠤᠤᠯ ᠨᠢ ᠨᠢᠭᠡ ᠦᠭᠡᠷ ᠢᠶᠠᠨ 5000 ᠲᠦᠭᠦᠷᠢᠭ ᠢᠶᠠᠷ ᠦᠭᠡᠷ ᠤᠨ ᠠᠷᠠᠯᠵᠢᠶᠠᠴᠢᠨ ᠳᠤ ᠬᠤᠳᠠᠯᠳᠤᠵᠤ ᠪᠠᠶᠢᠭᠰᠠᠨ ᠪᠤᠯ ᠥᠪᠡᠷᠳᠡᠭᠡᠨ ᠨᠢᠳᠤᠯᠵᠤ ᠪᠤᠯᠪᠠᠰᠤᠷᠠᠭᠤᠯᠤᠭᠠᠳ ᠬᠠᠳᠠᠭᠠᠭᠰᠠᠨ ᠤ ᠳᠠᠷᠠᠭ᠎ᠠ ᠠᠰᠢᠭ ᠤᠷᠤᠯᠭ᠎ᠠ ᠨᠢ ᠳᠠᠬᠢᠨ ᠢᠶᠠᠷ ᠨᠡᠮᠡᠭᠳᠡᠵᠦ᠂ ᠪᠦᠲᠦᠭᠡᠭᠳᠡᠭᠦᠨ ᠤ ᠴᠢᠨᠠᠷ ᠴᠢᠨᠰᠠᠭ᠎ᠠ ᠪᠠᠷ ᠢᠶᠠᠨ ᠨᠢᠭᠡ ᠠᠴᠠ ᠠᠷᠪᠠ᠂ ᠠᠷᠪᠠ ᠠᠴᠠ ᠵᠠᠭᠤ ᠳᠤ ᠳᠠᠮᠵᠢᠬᠳᠠᠨ᠂ ᠴᠢᠨᠠᠭᠰᠢᠯᠠᠨ ᠶᠠᠫᠣᠨ ᠤᠯᠤᠰ ᠲᠤ ᠪᠤᠷᠤᠯᠠᠭᠤᠯᠤᠭᠳᠠᠬᠤ ᠪᠤᠯᠤᠭᠰᠠᠨ ᠪᠠᠶᠢᠨ᠎ᠠ᠃
微信图片_20250508111257.jpg
微信图片_20250508111247.jpg
微信图片_20250508111302.jpg
      ᠬᠤᠤᠰᠪᠦ᠋ᠷᠢᠨ ᠬᠠᠳᠠᠭᠠᠭᠰᠠᠨ ᠦᠭᠡᠷ ᠤᠨ ᠮᠢᠬ᠎ᠠ ᠪᠠᠨ ᠮᠢᠬᠠᠨ ᠤ ᠳᠠᠯᠪᠢᠭᠤᠷ ᠳᠡᠭᠡᠷ᠎ᠡ ᠵᠢᠭᠳᠡ ᠡᠯᠭᠦᠵᠦ ᠳᠠᠯᠪᠢᠭᠰᠠᠨ ᠤ ᠳᠠᠷᠠᠭ᠎ᠠ ᠰᠡᠭᠦᠳᠡᠷᠯᠡᠬᠦ ᠮᠠᠰᠢᠨ ᠢᠶᠠᠨ ᠲᠤᠬᠢᠷᠠᠭᠤᠯᠤᠨ ᠰᠢᠭᠤᠳ ᠨᠡᠪᠳᠡᠷᠡᠭᠦᠯᠭᠡ ᠪᠠᠨ ᠬᠢᠬᠦ ᠪᠠᠷ ᠪᠡᠯᠡᠳᠭᠡᠯ᠎ᠡ᠃ ᠲᠡᠷᠡ ᠬᠠᠳᠠᠭᠠᠭᠰᠠᠨ ᠪᠣᠷᠴᠠ ᠪᠠᠨ ᠳᠡᠯᠭᠡᠴᠡ ᠶᠢᠨ ᠡᠮᠦᠨ᠎ᠡ ᠬᠠᠷᠠᠭᠤᠯᠬᠤ ᠶᠢᠨ ᠳᠠᠭᠠᠤ ᠤᠯᠠᠮᠵᠢᠯᠠᠯᠳᠤ ᠠᠷᠭ᠎ᠠ ᠪᠠᠷ ᠮᠢᠬ᠎ᠠ ᠬᠠᠳᠠᠭᠠᠬᠤ ᠶᠠᠪᠤᠴᠠ ᠶᠢ ᠤᠯᠠᠨ ᠳᠤ ᠨᠠᠷᠢᠨ ᠳᠠᠶᠢᠯᠪᠤᠷᠢᠯᠠᠨ ᠶᠠᠷᠢᠬᠤ ᠳᠤ ᠰᠦᠯᠵᠢᠶᠠᠨ ᠤ ᠨᠡᠪᠳᠡᠷᠡᠭᠦᠯᠭᠡ ᠦᠵᠡᠬᠦ ᠬᠦᠮᠦᠰ ᠤᠨ ᠲᠤᠭ᠎ᠠ ᠤᠯᠠᠮ ᠢᠶᠠᠷ ᠨᠡᠮᠡᠭᠳᠡᠵᠦ ᠪᠠᠶᠢᠯ᠎ᠠ᠃ ᠳᠡᠳᠡ ᠬᠤᠶᠠᠭᠤᠯᠠ ᠤᠳᠤᠬᠠᠨ  ᠳᠤ 50 ᠨᠤᠲᠤᠭ ᠤᠨ ᠦᠬᠡᠷ ᠮᠠᠯᠵᠢᠵᠦ᠂ ᠬᠠᠰᠢᠶᠠᠯᠭ᠎ᠠ ᠶᠢᠨ ᠬᠤᠭᠤᠴᠠᠭᠠᠨ ᠳᠤ ᠴᠦ ᠪᠠᠶᠢᠭᠠᠯᠢᠯᠢᠭ ᠡᠪᠡᠰᠦ ᠪᠤᠷᠳᠤᠭ᠎ᠠ ᠪᠠᠷ ᠳᠡᠵᠢᠭᠡᠵᠦ ᠪᠠᠶᠢᠳᠠᠭ ᠠᠴᠠ ᠪᠤᠯᠪᠠᠰᠤᠷᠠᠭᠤᠯᠤᠭᠰᠠᠨ ᠤ ᠳᠠᠷᠠᠭᠠᠬᠢ ᠮᠢᠬᠠᠨ ᠤ ᠦᠨᠦᠷ ᠠᠮᠳᠠ ᠨᠢ ᠴᠦ ᠭᠤᠶᠢᠳᠠ ᠰᠠᠶᠢᠬᠠᠨ ᠪᠠᠶᠢᠳᠠᠭ᠃     ᠬᠤᠤᠰᠪᠦ᠋ᠷᠢᠨ ᠪᠢᠳᠡᠨ ᠳᠤ᠄ ︽ᠤᠳᠤ ᠮᠠᠯᠵᠢᠬᠤ ᠣᠷᠣᠨ ᠤ ᠵᠠᠯᠠᠭᠤᠴᠤᠳ ᠴᠥᠮ ᠣᠷᠣᠯᠭ᠎ᠠ ᠪᠠᠨ ᠨᠡᠮᠡᠭᠳᠡᠭᠦᠯᠬᠦ ᠰᠢᠨ᠎ᠡ ᠠᠷᠭ᠎ᠠ ᠵᠠᠮ ᠡᠷᠢᠯᠬᠢᠯᠡᠬᠦ ᠪᠤᠯᠵᠠᠢ᠂ ᠪᠢᠳᠡ ᠬᠤᠶᠠᠷ ᠨᠢᠳᠤᠨᠤᠨ ᠠᠴᠠ ᠡᠬᠢᠯᠡᠵᠦ ᠨᠤᠳᠤᠭ ᠤᠨ ᠦᠭᠡᠷ ᠤᠨ ᠮᠢᠬ᠎ᠠ ᠪᠠᠨ ᠬᠠᠳᠠᠭᠠᠵᠤ ᠪᠤᠷᠤᠯᠠᠭᠤᠯᠬᠤ ᠪᠠᠷ ᠰᠢᠢᠳᠴᠦ᠂ ᠲᠤᠰᠬᠠᠢ ᠭᠡᠷ ᠪᠠᠷᠢᠵᠦ ᠪᠡᠯᠡᠳᠭᠡᠭᠰᠡᠨ᠃ ᠨᠢᠳᠤᠨᠤᠨ ᠤ 11 ᠰᠠᠷ᠎ᠠ ᠳᠤ 6 ᠦᠬᠡᠷ ᠨᠢᠳᠤᠯᠵᠤ᠂ 500 ᠭᠠᠷᠤᠶ ᠵᠢᠩ ᠪᠣᠷᠴᠠ ᠬᠠᠳᠠᠭᠠᠵᠠᠢ᠃ ᠡᠨᠡ ᠵᠢᠯ ᠤᠨ 4 ᠰᠠᠷ᠎ᠠ ᠶᠢᠨ ᠡᠬᠢ ᠪᠠᠷ ᠵᠠᠬ᠎ᠠ ᠳᠡᠯᠭᠡᠭᠦᠷ ᠲᠤ ᠭᠠᠷᠭᠠᠵᠤ᠂ ᠤᠳᠤ ᠪᠣᠯᠲᠠᠯ᠎ᠠ 3 ᠦᠬᠡᠷ ᠤᠨ ᠬᠠᠳᠠᠭᠠᠭᠰᠠᠨ ᠪᠤᠷᠴᠠ ᠪᠤᠷᠤᠯᠠᠭᠤᠯᠤᠭᠠᠳ ᠪᠤᠢ︾ ᠭᠡᠵᠦ ᠶᠠᠷᠢᠯ᠎ᠠ᠃      ᠭᠡᠷᠭᠡᠢ ᠨᠠᠬᠢᠶ᠎ᠠ ᠨᠢ 2015 ᠣᠨ ᠠᠴᠠ ᠡᠬᠢᠯᠡᠨ ᠪᠤᠰᠤᠳ ᠲᠠᠢ ᠬᠠᠮᠳᠤᠷᠠᠯᠴᠠᠨ ᠰᠦᠯᠵᠢᠶᠡᠨ ᠳᠡᠭᠡᠷ᠎ᠡ ᠬᠠᠳᠠᠭᠰᠠᠨ ᠪᠤᠷᠴᠠ ᠬᠤᠳᠠᠯᠳᠤᠵᠤ ᠪᠠᠶᠢᠭᠰᠠᠨ ᠪᠤᠯᠬᠤᠷ ᠨᠠᠶᠮᠠᠨ ᠵᠢᠯ ᠤᠨ ᠲᠤᠷᠰᠢ ᠪᠠᠭ᠎ᠠ ᠪᠤᠰᠤ ᠠᠷᠠᠯᠵᠢᠶᠠᠨ ᠤ ᠲᠤᠷᠰᠢᠯᠭ᠎ᠠ ᠬᠤᠷᠠᠮᠳᠤᠭᠤᠯᠵᠤ᠂ ᠨᠡᠯᠢᠶᠡᠳ ᠤᠯᠠᠨ ᠵᠤᠴᠢᠨ ᠲᠠᠢ ᠪᠤᠯᠵᠠᠢ᠃ ᠥᠪᠡᠷ ᠤᠨ ᠦᠢᠯᠡᠰ ᠢᠶᠠᠨ ᠡᠷᠬᠢᠯᠡᠭᠰᠡᠨ  ᠤ ᠳᠠᠷᠠᠭ᠎ᠠ ᠲᠡᠷᠡ᠂ ᠡᠳᠦᠷ ᠨᠢ ᠠᠯᠪᠠᠨ ᠤ ᠠᠵᠢᠯ ᠢᠶᠠᠨ ᠰᠠᠭᠠᠳᠠᠭᠠᠯ ᠦᠭᠡᠢ ᠠᠵᠢᠯᠯᠠᠵᠤ᠂ ᠠᠵᠢᠯ ᠠᠴᠠ ᠭᠠᠳᠠᠭᠤᠷᠬᠢ ᠴᠠᠭ ᠲᠤ ᠰᠢᠭᠤᠳ ᠨᠡᠪᠳᠡᠷᠡᠭᠦᠯᠭᠡ ᠪᠠᠷ ᠪᠤᠷᠴᠠ ᠬᠤᠳᠠᠯᠳᠤᠳᠠᠭ᠃ ᠰᠢᠭᠤᠳ ᠨᠡᠪᠲᠡᠷᠡᠭᠦᠯᠭᠡ᠂ ᠣᠬᠤᠷ ᠪᠢᠴᠢᠯᠭᠡ ᠪᠠ ᠨᠠᠶᠢᠵᠠ ᠶᠢᠨ ᠲᠣᠭᠤᠷᠢᠭ ᠢ ᠠᠰᠢᠭᠯᠠᠨ ᠪᠤᠷᠴᠠ ᠪᠠᠨ ᠤᠬᠠᠭᠤᠯᠵᠤ᠂ ᠲᠠᠯ᠎ᠠ ᠨᠤᠲᠤᠭ ᠤᠨ ᠦᠨᠦᠷ ᠠᠮᠲᠠᠲᠤ ᠢᠳᠡᠭᠡᠨ ᠢ ᠬᠢᠬᠦ ᠶᠠᠪᠤᠴᠠ ᠪᠠ ᠥᠪᠡᠷᠮᠢᠴᠡ ᠦᠨᠦᠷ ᠠᠮᠲᠠ ᠶᠢ ᠬᠤᠪᠢᠶᠠᠯᠴᠠᠨ᠂ ᠮᠠᠰᠢ ᠣᠯᠠᠨ ᠬᠡᠷᠡᠭᠯᠡᠭᠴᠢᠳ ᠤᠨ ᠠᠩᠬᠠᠷᠤᠯ ᠳᠤ ᠬᠦᠷᠴᠦ ᠴᠢᠳᠠᠵᠠᠢ᠃     ︽ᠡᠳᠦᠷ ᠪᠦᠷᠢ 10 ᠭᠠᠷᠤᠶ ᠵᠢᠩ ᠪᠤᠷᠴᠠ ᠬᠤᠳᠠᠯᠳᠤᠳᠠᠭ᠃ ᠠᠷᠪᠠᠭᠠᠳ ᠡᠳᠦᠷ ᠤᠨ ᠳᠣᠲᠣᠷ᠎ᠠ ᠴᠡᠪᠡᠷ ᠣᠷᠣᠯᠭ᠎ᠠ ᠲᠦᠮᠡ ᠭᠠᠷᠤᠶ ᠲᠥᠭᠦᠷᠢᠭ ᠲᠤ ᠬᠦᠷᠴᠡᠶ᠃ ᠥᠩᠭᠡᠷᠡᠭᠰᠡᠨ ᠳᠤ ᠦᠬᠡᠷ ᠤᠨ ᠠᠷᠠᠯᠵᠢᠶᠠᠴᠢᠨ ᠳᠤ ᠨᠢᠭᠡ ᠦᠬᠡᠷ ᠢᠶᠠᠨ ᠪᠠᠷᠤᠭ 5000 ᠭᠠᠷᠤᠶ ᠲᠥᠭᠦᠷᠢᠭ ᠢᠶᠠᠷ ᠬᠤᠳᠠᠯᠳᠤᠵᠤ ᠪᠠᠶᠢᠭᠰᠠᠨ᠂ ᠥᠪᠡᠷᠳᠡᠭᠡᠨ ᠨᠢᠳᠤᠯᠵᠤ ᠪᠤᠷᠴᠠ ᠬᠠᠳᠠᠭᠠᠭᠠᠳ ᠬᠤᠳᠠᠯᠳᠤᠪᠠᠯ ᠪᠠᠷᠤᠭ 16000 ᠲᠥᠭᠦᠷᠢᠭ ᠬᠦᠷᠦᠨ᠎ᠡ᠃ ᠢᠩᠬᠢᠵᠦ ᠪᠤᠳᠤᠪᠠᠯ ᠨᠢᠭᠡ ᠦᠭᠡᠷ ᠠᠴᠠ ᠲᠦᠮᠡᠨ ᠲᠥᠭᠦᠷᠢᠭ ᠤᠨ ᠴᠡᠪᠡᠷ ᠣᠷᠣᠯᠭ᠎ᠠ ᠣᠯᠵᠤ ᠴᠢᠳᠠᠨ᠎ᠠ︾ ᠭᠡᠵᠦ ᠨᠠᠬᠢᠶ᠎ᠠ ᠪᠢᠳᠡᠨ ᠳᠤ ᠶᠠᠷᠢᠯ᠎ᠠ᠃     ᠡᠳᠡ ᠬᠤᠶᠠᠭᠤᠯᠠ ᠶᠢᠨ ᠪᠤᠷᠤᠯᠠᠭᠤᠯᠭ᠎ᠠ ᠳᠠᠰᠤᠷᠠᠯ ᠦᠭᠡᠢ ᠨᠡᠮᠡᠭᠳᠡᠵᠦ᠂ ᠡᠷᠬᠢᠨ ᠲᠣᠭᠤᠷᠢᠨ ᠤ ᠬᠤᠰᠢᠭᠤ ᠰᠢᠶᠠᠨ ᠠᠴᠠ ᠭᠠᠳᠠᠨ᠎ᠠ ᠯᠢᠶᠣᠤᠨᠢᠩ᠂ ᠰᠢᠨᠵᠢᠶᠠᠩ ᠵᠡᠷᠭᠡ ᠮᠤᠵᠢ ᠣᠷᠣᠨ ᠳᠤ ᠴᠦ ᠦᠷᠭᠡᠨ ᠢᠶᠠᠷ ᠪᠤᠷᠤᠯᠠᠭᠤᠯᠤᠭᠳᠠᠵᠤ ᠪᠠᠶᠢᠬᠤ ᠪᠠᠷ ᠪᠠᠷᠠᠬᠤ ᠦᠭᠡᠢ ᠴᠢᠨᠠᠭᠰᠢᠯᠠᠪᠠᠯ ᠬᠠᠷᠢ ᠬᠤᠯᠠ ᠶᠠᠫᠣᠨ ᠤᠯᠤᠰ ᠲᠤ ᠴᠦ ᠪᠤᠷᠤᠯᠠᠭᠤᠯᠤᠭᠳᠠᠵᠤ ᠪᠤᠢ᠃     ᠬᠤᠤᠰ ᠬᠤᠶᠠᠭᠤᠯᠠ ᠪᠠᠨ ᠨᠢᠭᠡ ᠨᠢ ᠪᠦᠲᠦᠭᠡᠭᠳᠡᠭᠦᠨ ᠢᠶᠠᠨ ᠡᠳ᠋ᠰᠢᠬᠦᠯᠵᠦ᠂ ᠨᠦᠬᠦᠭᠡ ᠨᠢ ᠵᠠᠬ᠎ᠠ ᠳᠡᠯᠭᠡᠭᠦᠷ  ᠢᠶᠠᠨ ᠦᠷᠭᠡᠳᠭᠡᠨ᠂ ᠰᠡᠳᠬᠢᠯ ᠨᠢᠭᠡᠳᠦᠨ ᠰᠢᠨ᠎ᠡ ᠦᠢᠯᠡᠰ ᠢᠶᠠᠨ ᠴᠤᠭᠴᠠᠯᠠᠨ᠎ᠠ᠃ ᠪᠤᠷᠴᠠ ᠪᠤᠷᠤᠯᠠᠭᠤᠯᠵᠤ ᠡᠬᠢᠯᠡᠭᠰᠡᠨ ᠠᠴᠠ ᠡᠳᠡᠨ ᠤ ᠬᠡᠷ ᠪᠦᠯᠢ ᠶᠢᠨ ᠣᠷᠣᠯᠭ᠎ᠠ ᠨᠡᠮᠡᠭᠳᠡᠭᠰᠡᠨ ᠢᠶᠠᠷ ᠪᠠᠷᠠᠬᠤ ᠦᠭᠡᠢ ᠤᠯᠠᠮᠵᠢᠯᠠᠯᠲᠤ ᠢᠳᠡᠭᠡᠨ ᠤᠮᠳᠠᠭᠠᠨ ᠢ ᠣᠲᠣ ᠦᠶ᠎ᠡ ᠶᠢᠨ ᠡᠯᠧᠺᠲᠷᠣᠨ ᠬᠤᠳᠠᠯᠳᠤᠭ᠎ᠠ ᠲᠠᠢ ᠤᠶᠠᠯᠳᠤᠭᠤᠯᠪᠠᠯ ᠲᠠᠯ᠎ᠠ ᠨᠤᠲᠤᠭ ᠤᠨ ᠠᠮᠲᠠᠲᠤ ᠢᠳᠡᠭᠡᠨ ᠤ ᠪᠤᠷᠤᠯᠠᠭᠤᠯᠭ᠎ᠠ ᠶᠢᠨ ᠤᠷᠤᠨ ᠵᠠᠢ ᠶᠢ ᠨᠡᠩ ᠦᠷᠭᠡᠳᠭᠡᠵᠦ ᠴᠢᠳᠠᠨ᠎ᠠ ᠭᠡᠳᠡᠭ ᠢ ᠪᠣᠳᠠᠲᠤ ᠠᠵᠢᠯᠯᠠᠭ᠎ᠠ ᠪᠠᠷ  ᠢᠶᠠᠨ ᠤᠯᠠᠨ ᠳᠤ ᠬᠠᠷᠠᠭᠤᠯᠤᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号