ᠯᠢᠦ ᠴᠠᠩ ᠪᠣᠯ ᠰᠢᠯᠤᠭᠤᠨ ᠬᠦᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠪᠣᠯᠤᠨ᠎ᠠ᠂ 1997 ᠣᠨ ᠳᠤ ᠲᠥᠷᠥᠭᠰᠡᠨ ᠲᠡᠷᠡ ᠦᠨᠳᠦᠰᠦᠨ ᠱᠠᠲᠤᠨ ᠳᠤ ᠳᠥᠷᠪᠡᠨ | ᠵᠢᠯ ᠠᠵᠢᠯᠯᠠᠵᠦ᠂ ᠠᠷᠠᠳ ᠤᠨ ᠪᠠᠶᠢᠳᠠᠯ ᠢ ᠬᠥᠨᠵᠡᠬᠡᠢ ᠥᠶᠢᠯᠭᠠᠵᠣ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠠᠵᠢᠯ | ᠤᠨ ᠪᠠᠶᠢᠷᠢ ᠳᠡᠭᠡᠷ᠎ᠡ ᠬᠠᠯᠠᠭᠤᠨ ᠲᠤᠯᠠᠭᠠᠨ ᠦᠢᠯᠡᠶᠢᠯᠡᠭᠡ ᠪᠠᠷ ᠢᠶᠠᠨ ᠣᠯᠠᠨ ᠲᠦᠮᠡᠨ ᠤ ᠰᠡᠳᠬᠢᠯ ᠢ ᠲᠤᠯᠠᠭᠠᠴᠠᠭᠤᠯᠵᠤ | ᠪᠢᠯᠡ᠃ | 2021 ᠣᠨ ᠳᠤ᠂ ᠯᠢᠦ ᠴᠠᠩ ᠲᠦᠷᠦᠭᠰᠡᠨ ᠨᠤᠲᠤᠭ ᠰᠢᠯᠤᠭᠤᠨ ᠬᠦᠬᠡ ᠬᠤᠰᠢᠭᠤᠨ ᠳᠤ ᠪᠠᠨ ᠪᠤᠴᠠᠵᠤ᠂ | ᠨᠡᠶᠢᠭᠡᠮ ᠲᠣᠭᠤᠷᠢᠭ ᠤᠨ ᠲᠤᠤᠷ ᠰᠥᠯᠵᠢᠶᠡᠨ ᠤ ᠬᠠᠮᠢᠶᠠᠷᠤᠯᠲᠠ ᠶᠢᠨ ᠠᠵᠢᠯᠳᠠᠨ ᠪᠠᠶᠢᠭᠰᠠᠨ ᠬᠤᠭᠤᠴᠠᠭᠠᠨ ᠳᠠᠭᠠᠨ᠂ | ᠲᠡᠷᠡ ᠬᠠᠷᠢᠶᠠᠨ ᠳᠠᠬᠢ ᠰᠠᠭᠤᠭᠠᠯᠢ ᠠᠷᠠᠳ ᠤᠨ ᠲᠣᠭᠤᠷᠢᠭ ᠤᠨ ᠭᠠᠭᠴᠠ ᠪᠡᠶ᠎ᠡ ᠪᠤᠶᠤ ᠡᠪᠡᠥᠠᠴᠢᠨ ᠬᠠᠭᠤᠴᠢᠨ ᠲᠠᠢ | ᠨᠠᠰᠤᠲᠠᠨ ᠢ ᠠᠩᠬᠠᠷᠣᠨ ᠬᠠᠷᠠᠭᠠᠯᠵᠠᠵᠤ ᠲᠡᠳᠡᠨ ᠤ ᠪᠠᠶᠢᠳᠠᠯ ᠢ ᠨᠢ ᠥᠶᠢᠯᠭᠠᠨ᠂ ᠲᠤᠬᠠᠶᠢᠯᠠᠭᠰᠠᠨ ᠠᠵᠢᠯ ᠢ ᠨᠢ | ᠣᠷᠣᠯᠠᠨ ᠭᠦᠢᠴᠡᠳᠬᠡᠵᠦ ᠥᠭᠳᠡᠭ ᠪᠠᠶᠢᠯ᠎ᠠ᠃ | 2022 ᠣᠨ ᠳᠤ᠂ ᠯᠢᠦ ᠴᠠᠩ ᠰᠢᠯᠤᠭᠤᠨ ᠬᠦᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢᠶᠠᠷ ᠰᠣᠩᠭᠤᠠᠠᠳᠠᠨ᠂ ᠲᠡᠷᠡ ᠥᠪᠡᠷ ᠤᠨ ᠨᠡᠶᠢᠭᠡᠮ ᠲᠣᠭᠤᠷᠢᠭ ᠤᠨ | ᠲᠤᠤᠷ ᠰᠥᠯᠵᠶᠡᠨ ᠤ ᠬᠠᠮᠢᠶᠠᠷᠤᠯᠲᠠ ᠶᠢᠨ ᠠᠵᠢᠯᠲᠠᠨ ᠤ ᠲᠠᠪᠠᠭᠤᠯᠢᠭ ᠢᠶᠠᠨ ᠭᠦᠢᠴᠡᠳ ᠠᠰᠢᠭᠯᠠᠵᠤ᠂ ᠣᠯᠠᠨ | ᠲᠦᠮᠡᠨ ᠤ ᠳᠤᠮᠳᠠ ᠭᠦᠨᠵᠡᠭᠡᠶᠢᠷᠡᠵᠦ᠂ ᠠᠷᠠᠳ ᠤᠨ ᠪᠠᠶᠢᠳᠠᠯ ᠢ ᠣᠶᠢᠯᠠᠭᠠᠨ᠂ ᠠᠷᠠᠳ ᠤᠨ ᠰᠠᠨᠠᠯ ᠢ ᠬᠤᠷᠢᠶᠠᠵᠣ ︽ | ᠰᠢᠯᠤᠭᠤᠨ ᠬᠥᠬᠡ ᠬᠤᠰᠢᠭᠤᠨ ᠤ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ | ᠲᠤᠬᠠᠢ ᠰᠠᠨᠠᠭᠤᠯᠭ᠎ᠠ︾᠂ ︽ᠰᠢᠯᠤᠭᠤᠨ ᠬᠥᠬᠡ ᠬᠤᠰᠢᠭᠤᠨ ᠤ ᠨᠡᠶᠢᠭᠡᠮ ᠲᠣᠭᠤᠷᠢᠭ ᠤᠨ ᠲᠤᠤᠷ ᠰᠦᠯᠵᠢᠶᠡᠨ ᠤ | ᠬᠠᠮᠢᠶᠠᠷᠤᠯᠲᠠ ᠶᠢᠨ ᠠᠵᠢᠯᠲᠠᠨ ᠢ ᠴᠢᠩᠭᠠᠳᠬᠠᠬᠤ ᠲᠤᠬᠠᠢ ᠰᠠᠨᠠᠭᠤᠯᠭ᠎ᠠ︾ ᠵᠡᠷᠭᠡ ᠣᠯᠠᠨ ᠬᠤᠪᠢ ᠨᠡᠶᠢᠭᠡᠮ ᠤᠨ | ᠪᠠᠶᠢᠳᠠᠯ ᠠᠷᠠᠳ ᠤᠨ ᠰᠠᠨᠠᠭ᠎ᠠ ᠶᠢ ᠲᠣᠰᠬᠠᠬᠰᠡᠨ ᠰᠠᠨᠠᠯ ᠲᠣᠷᠠᠳᠣᠯᠭ᠎ᠠ ᠲᠡᠪᠰᠢᠬᠦᠯᠣᠭ᠍ᠰᠡᠨ ᠪᠠᠶᠢᠨ᠎ᠠ᠃ ᠡᠨᠡ | ᠬᠤᠭᠤᠴᠠᠭᠠᠨ ᠳᠤ᠂ ᠲᠡᠷᠡ ᠪᠠᠰᠠᠦᠨᠳᠦᠰᠦᠨ ᠱᠠᠲᠤᠨ ᠳᠤ ᠬᠦᠨᠵᠡᠭᠡᠶᠢᠷᠡᠵᠤ ᠤᠯᠠᠨ ᠲᠦᠮᠡᠨ ᠳᠤ | ᠬᠠᠨᠳᠤᠭᠤᠯᠤᠭᠰᠠᠨ ᠠᠯᠢ ᠤᠯᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠤᠯᠤᠰ ᠲᠦᠷᠦ ᠶᠢᠨ | ᠵᠥᠪᠯᠡᠯᠭᠡᠨ ᠤ ᠭᠡᠰᠢᠬᠦᠨ ᠤ ᠡᠬᠦᠷᠭᠡ ᠴᠢᠳᠠᠪᠬᠢ ᠪᠠᠨ ᠬᠥᠢᠴᠡᠥᠠᠭᠡᠵᠤ ᠶᠠᠪᠤᠪᠠ᠃ 2023 ᠣᠨ ᠳᠤ᠂ ᠯᠢᠦ ᠴᠠᠩ | ᠰᠢᠯᠭᠠᠯᠲᠠ ᠪᠠᠷ ᠳᠠᠮᠵᠢᠭᠠᠳ ᠬᠠᠪᠢᠷᠭ᠎ᠠ ᠪᠠᠯᠭᠠᠰᠤᠨ ᠳᠤ ᠰᠢᠯᠭᠠᠨ ᠣᠷᠣᠵᠤ᠂ ᠭᠤᠤᠯᠳᠠᠭᠤ ᠡᠮ ᠡᠮᠨᠡᠯᠭᠡ ᠶᠢᠨ | ᠠᠪᠤᠷᠠᠨ ᠲᠤᠰᠠᠯᠠᠬᠤ ᠪᠠ ᠶᠠᠳᠠᠭᠤ ᠶᠢ ᠰᠡᠷᠭᠡᠶᠢᠯᠡᠬᠦ ᠳᠠᠭᠠᠳᠬᠠᠯ ᠤᠨ ᠠᠵᠢᠯ ᠢ ᠬᠠᠷᠢᠭᠤᠴᠠᠨ ᠬᠢᠭᠰᠡᠨ ᠪᠠᠶᠢᠨ᠎ᠠ᠃ | ᠬᠠᠪᠢᠷᠭ᠎ᠠ ᠪᠠᠯᠭᠠᠰᠤᠨ ᠤ ᠡᠯ᠎ᠡ ᠲᠣᠰᠬᠤᠨ᠂ ᠨᠡᠶᠢᠭᠡᠮ ᠲᠣᠭᠤᠷᠢᠭ ᠲᠤ ᠦᠯᠡᠳᠡᠵᠦ | ᠬᠤᠴᠣᠷᠤᠭᠰᠠᠨᠨᠠᠰᠣᠳᠠᠶᠢᠴᠣᠳᠣᠯᠠᠨ᠂ ᠲᠡᠳᠡᠨ ᠤ ᠡᠮᠴᠢᠯᠡᠭᠡᠨ ᠤ ᠬᠡᠷᠡᠭᠴᠡᠭᠡ ᠱᠠᠭᠠᠷᠳᠠᠯᠭᠠᠪᠤᠳᠤᠯᠢᠶᠠᠨᠲᠠᠶ | ᠪᠠᠶᠢᠳᠠᠭ᠃ ᠯᠢᠦ ᠴᠠᠩ ᠬᠡᠯᠡᠬᠦ ᠳᠡᠭᠡᠨ᠄ ︽ᠠᠵᠢᠯ ᠢᠶᠠᠨ ᠰᠠᠶᠢᠲᠤᠷ ᠬᠢᠬᠦ ᠶᠢᠨ ᠲᠥᠯᠥᠭᠡ ᠠᠯᠢᠪᠠ ᠰᠤᠯᠠ ᠰᠡᠯᠡᠭᠦᠦ | ᠴᠠᠭ ᠢᠶᠠᠨ ᠠᠰᠢᠭᠯᠠᠨ ᠲᠣᠰᠬᠤᠨ ᠤ ᠠᠶᠢᠯ ᠡᠷᠣᠬᠡ ᠪᠠᠷ ᠬᠦᠨᠵᠡᠬᠡᠶᠢᠷᠡᠨ᠂ ᠠᠷᠠᠳ ᠤᠨ ᠡᠮᠴᠢᠯᠡᠭᠡᠨ ᠤ ᠲᠠᠯ᠎ᠠ ᠶᠢᠨ | ᠬᠡᠷᠡᠭᠴᠡᠭᠡ ᠶᠢ ᠨᠠᠷᠢᠨ ᠠᠰᠠᠭᠤᠵᠦ᠂ ᠭᠤᠤᠯᠳᠠᠯᠭ᠎ᠠ ᠲᠠᠢ ᠬᠥᠮᠦᠰ ᠤᠨ ᠪᠠᠶᠢᠳᠠᠯ ᠢ ᠨᠠᠷᠢᠨ ᠲᠡᠮᠳᠡᠭᠯᠡᠬᠦ ᠶᠢᠨ ᠬᠠᠮᠲᠤ᠂ | ᠡᠮ ᠬᠡᠷᠡᠭᠯᠡᠬᠦ ᠰᠠᠨᠠᠭᠤᠯᠤᠮᠵᠢ ᠪᠠ ᠲᠠᠩᠰᠠ ᠲᠠᠶᠢᠯᠬᠤ ᠴᠠᠭ ᠤᠨ ᠲᠣᠳᠣᠷᠬᠠᠶᠢᠯᠠᠯᠲᠠ ᠶᠢ ᠰᠠᠶᠢᠲᠤᠷ ᠲᠠᠶᠢᠯᠪᠣᠷᠢᠯᠠᠵᠦ | ᠦᠭᠳᠡᠭ ᠭᠡᠯᠡ᠃ | ᠲᠦᠷᠦᠭᠦᠬᠡᠨ᠂ ᠴᠢᠩ ᠹᠧᠩ ᠲᠣᠰᠬᠤᠨ ᠤ ᠠᠷᠠᠳ ᠸᠠᠩ ᠵᠢᠶᠦ᠋ᠨ ᠴᠧᠩ ᠵᠢᠴᠢ ᠲᠡᠭᠦᠨ ᠤ ᠪᠦᠰᠡᠬᠦᠢ ᠨᠢ | ᠬᠦᠨᠳᠦ ᠡᠪᠡᠳᠴᠢᠨ ᠳᠤ ᠨᠡᠷᠪᠡᠭᠳᠡᠭᠰᠡᠨ ᠠᠴᠠ ᠪᠣᠯᠵᠤ ᠬᠦᠴᠢᠷᠳᠡᠯ ᠳᠤ ᠲᠣᠯᠭᠠᠷᠬᠠᠰᠠᠨ ᠪᠤᠯᠬᠤᠷ ᠯᠢᠦ ᠴᠠᠩ | ᠪᠠᠶᠢᠳᠠᠯ ᠢ ᠮᠡᠳᠡᠭᠰᠡᠨ ᠤ ᠲᠠᠷᠠᠭ᠎ᠠ᠂ ︽ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠵᠠᠭᠪᠤᠷ ᠢ ᠲᠦᠷᠭᠡᠨ | ᠡᠬᠢᠯᠡᠭᠦᠯᠵᠦ᠂ ᠳᠠᠷᠤᠶᠢᠬᠠᠨ ᠭᠡᠷ ᠲᠤᠨᠢ ᠬᠦᠷᠴᠦ ᠲᠡᠳᠡᠨ ᠢ ᠬᠠᠪᠰᠤᠷᠤᠨ ᠡᠮ ᠡᠮᠨᠡᠯᠭᠡ ᠶᠢᠨ ᠠᠪᠤᠷᠠᠨ ᠲᠤᠰᠠᠯᠠᠬᠤ | ᠬᠠᠮᠢᠶ᠎ᠠ ᠪᠦᠬᠦᠢ ᠭᠠᠷ ᠭᠦᠢᠴᠡᠳᠬᠡᠯ ᠢ ᠬᠢᠵᠤ ᠥᠭᠴᠡᠢ᠃ | ᠸᠠᠩ ᠵᠢᠶᠦ᠋ᠨ ᠴᠧᠩ᠄ ︽ᠮᠢᠨᠦ ᠪᠥᠰᠡᠬᠦᠢ ᠡᠪᠡᠳᠴᠢᠯᠡᠭᠰᠡᠨ ᠬᠤᠭᠤᠴᠠᠭᠠᠨ ᠳᠤ᠂ ᠯᠢᠦ ᠴᠠᠩ ᠪᠢᠳᠡᠨ ᠳᠤ | ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠲᠠᠩᠰᠠ ᠲᠠᠶᠢᠯᠬᠤ ᠠᠵᠢᠯ ᠤᠨ ᠲᠠᠶᠢᠯᠤᠮᠵᠢ ᠬᠢᠬᠦ ᠶᠢ ᠴᠠᠭ ᠲᠤᠬᠠᠶ | ᠳᠤᠨᠢ ᠰᠠᠨᠠᠭᠤᠯᠵᠠᠶ᠃ ᠳᠠᠩᠰᠠ ᠲᠠᠶᠢᠯᠬᠤ ᠶᠠᠪᠤᠴᠠ ᠨᠢ ᠮᠠᠰᠢ ᠨᠠᠷᠢᠯᠢᠭ᠂ ᠬᠡᠷᠡᠭᠯᠡᠬᠦ ᠳᠤ ᠮᠠᠰᠢ ᠠᠮᠠᠷᠬᠠᠨ᠂ ᠪᠢᠳᠡᠨ | ᠳᠤ ᠮᠠᠰᠢ ᠶᠡᠭᠡ ᠬᠠᠪᠰᠤᠷᠤᠯᠭ᠎ᠠ ᠪᠣᠯᠵᠠᠢ︾ ᠬᠡᠯᠡ᠃ | ᠯᠢᠦ ᠴᠠᠩ᠄ ︽ᠦᠨᠳᠦᠰᠦᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ | ᠬᠤᠪᠢ ᠳᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠪᠢ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ | ᠳᠤ ᠭᠦᠨᠵᠡᠭᠡᠶᠢᠷᠡᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ ᠲᠤᠰᠬᠠᠨ᠎ᠠ᠃ ᠪᠢ ᠲᠤᠰ ᠪᠡᠶ᠎ᠡ | ᠶᠢᠨ ᠰᠤᠷᠤᠯᠴᠠᠯᠭ᠎ᠠ ᠪᠠᠨ ᠲᠠᠰᠤᠷᠠᠯᠳᠡ ᠦᠭᠡᠢ ᠴᠢᠩᠭᠠᠳᠬᠠᠵᠤ᠂ ᠤᠯᠤᠰ ᠲᠦᠷᠦ ᠶᠢᠨ ᠬᠡᠪ ᠪᠣᠯᠪᠠᠰᠤᠷᠠᠯ᠂ | ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ | ᠠᠷᠠᠥᠨ ᠤᠯᠠᠨ ᠳᠤ ᠨᠡᠩ ᠤᠯᠠᠨ ᠪᠤᠳᠠᠳᠤ ᠠᠵᠢᠯ ᠬᠢᠵᠤ ᠥᠭᠬᠦ ᠪᠠᠷ ᠴᠢᠷᠮᠠᠶᠢᠨ᠎ᠠ ᠬᠡᠯᠡ᠃ | | |