ᠯᠢ ᠪᠦᠸᠧ ᠹᠧᠩ ᠱᠠᠩᠳᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/6/13
         6 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠱᠠᠩᠳᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠱᠠᠩᠳᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠱᠧᠨ ᠴᠢᠩ ᠾᠧ᠂ ᠨᠠᠮ ᠤᠨ ᠬᠤᠷᠢᠶᠠᠨ ᠤ ᠱᠦᠵᠢ᠂ ᠳᠡᠳ᠋ ᠶᠡᠷᠦᠩᠬᠡᠶ ᠳᠠᠭᠠᠭᠠᠮᠠᠯ ᠵᠠᠩ ᠬᠤᠸᠠᠢ ᠸᠧᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠼᠤᠤ ᠵᠧᠨ ᠢᠦᠢ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠵᠠᠩ ᠠᠶ ᠯᠦᠩ ᠨᠠᠷ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃         ᠯᠢ ᠪᠥᠸᠧ ᠹᠧᠩ ᠨᠡᠷ ᠱᠠᠩᠳᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠤ ᠲᠥᠪᠯᠡᠷᠡᠭᠦᠯᠦᠨ ᠡᠵᠡᠮᠳᠡᠬᠦ ᠲᠠᠰᠤᠭ ᠲᠤ ᠬᠦᠷᠴᠦ᠂ ᠮᠠᠰᠢᠨ ᠴᠣᠭᠴᠠᠯᠠᠪᠤᠷᠢ ᠶᠢᠨ ᠠᠵᠢᠯᠯᠠᠭᠠᠨ ᠤ ᠪᠣᠯᠵᠣᠯᠲᠤ ᠲᠤᠭ᠎ᠠ᠂ ᠳᠠᠭᠠᠭᠠᠴᠠ ᠶᠢᠨ ᠲᠣᠬᠢᠷᠠᠭᠤᠯᠤᠯᠲᠠ᠂ ᠠᠶᠤᠯ ᠥᠬᠡᠶ ᠦᠶᠯᠡᠳᠪᠦᠷᠢᠯᠡᠯ ᠤᠨ ᠬᠠᠮᠢᠶᠠᠷᠤᠯᠲᠠ ᠡᠵᠡᠮᠳᠡᠯ ᠵᠡᠷᠭᠡ ᠪᠠᠶᠢᠳᠠᠯ ᠤᠨ ᠲᠤᠬᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠴᠤ᠂ ᠣᠳᠣᠬᠠᠨ ᠤ ᠮᠠᠰᠢᠨ ᠴᠣᠭᠴᠠᠯᠠᠪᠤᠷᠢ ᠶᠢᠨ ᠴᠠᠬᠢᠯᠭᠠᠨ ᠭᠠᠷᠭᠠᠬᠤ ᠦᠷ᠎ᠡ ᠪᠦᠲᠦᠮᠵᠢ᠂ ᠡᠨᠧᠷᠭᠢ ᠶᠢᠨ ᠬᠤᠷᠣᠭᠳᠠᠯ ᠵᠢᠴᠢ ᠤᠶᠤᠨᠲᠤ ᠬᠢᠨᠠᠨ ᠡᠵᠡᠮᠳᠡᠬᠦ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃       ᠰᠠᠭᠤᠳᠠᠯ ᠤᠨ ᠬᠤᠷᠠᠯ ᠢᠶᠠᠷ᠂ ᠱᠠᠩᠳᠤ ᠶᠢᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠶᠢᠨ ᠬᠢᠨ ᠦᠶᠯᠡᠳᠪᠦᠷᠢᠯᠡᠯ ᠡᠵᠡᠩᠨᠡᠯᠲᠡ ᠶᠢᠨ ᠣᠳᠣᠬᠢ ᠪᠠᠶᠢᠳᠠᠯ᠂ ᠰᠢᠨ᠎ᠡ ᠡᠨᠧᠷᠭᠢ ᠶᠢᠨ ᠲᠥᠷᠥᠯ ᠵᠦᠶᠯ ᠤᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠪᠠ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠵᠡᠷᠭᠡ ᠪᠠᠨ ᠤᠯᠠᠨ ᠲᠠᠢ ᠬᠤᠪᠢᠶᠠᠯᠴᠠᠯ᠎ᠠ᠃      ᠯᠢ ᠪᠥᠸᠧ ᠹᠧᠩ ᠠᠵᠤ ᠠᠬᠤᠶᠢᠯᠠᠯ ᠤᠨ ᠣᠷᠳᠣ ᠬᠤᠭᠤᠴᠠᠭᠠᠨ ᠤ ᠲᠤᠷᠰᠢᠳᠠ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠭᠦᠶᠴᠡᠳ ᠨᠤᠳᠠᠯᠠᠭᠰᠠᠨ ᠪᠦᠭᠡᠳ ᠠᠵᠤ ᠠᠬᠤᠶᠢᠯᠠᠯ ᠤᠨ ᠬᠢᠨ ᠲᠣᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠬᠤ ᠵᠡᠷᠭᠡ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠷᠢᠯᠴᠠᠨ ᠠᠰᠢᠭᠲᠠᠶ ᠬᠠᠮᠲᠤ ᠪᠠᠷ ᠬᠦᠭᠵᠢᠬᠦ ᠶᠢ ᠪᠡᠶᠡᠯᠡᠭᠦᠯᠵᠦ᠂ ᠰᠢᠯᠤᠭᠤᠨ ᠬᠥᠬᠡ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠭᠰᠡᠨ ᠪᠠᠶᠢᠨ᠎ᠠ᠃ ᠯᠢ ᠪᠥᠸᠧ ᠹᠧᠩ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ︽ᠠᠵᠤ ᠠᠬᠤᠶᠢᠯᠠᠯ ᠳᠤ ᠦᠶᠯᠡᠴᠢᠯᠡᠬᠦ ᠪᠣᠯ ᠳᠠᠷᠤᠶ ᠬᠥᠭᠵᠢᠯᠲᠡ ᠳᠤ ᠦᠶᠯᠡᠴᠢᠯᠡᠬᠦ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠢ ᠠᠯᠬᠤᠮ ᠳᠠᠷᠠᠭ᠎ᠠ ᠲᠠᠢ ᠰᠢᠶᠳᠪᠦᠷᠢᠯᠡᠵᠦ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠰᠠᠭᠤᠷᠢᠨ ᠭᠠᠵᠠᠷ ᠤᠨ ᠬᠤᠯᠪᠣᠭᠠᠯᠠᠨ ᠡᠵᠡᠩᠨᠡᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ  ᠶᠢ ᠲᠦᠷᠭᠡᠳᠬᠡᠨ᠂ ᠲᠤᠯᠠᠭᠠᠯᠠᠭ᠎ᠠ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠪᠥᠬᠦ ᠬᠦᠴᠦᠨ ᠢᠶᠠᠷ  ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠣᠷᠴᠢᠨ ᠲᠣᠭᠤᠷᠢᠨ ᠢ ᠦᠨᠡᠨ ᠬᠦ ᠰᠢᠯᠢᠳᠡᠭᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠬᠦᠴᠢᠷᠳᠡᠯ ᠢ ᠰᠢᠶᠳᠪᠦᠷᠢᠯᠡᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃         ᠬᠤᠰᠢᠭᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠵᠢᠴᠢ ᠱᠠᠩᠳᠤ ᠶᠢᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠢᠶ᠎ᠠ ᠪᠦᠬᠦᠢ ᠬᠦᠮᠦᠰ ᠤᠷᠤᠯᠴᠠᠵᠠᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号