ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠨ ᠳᠠᠭᠠᠭᠠᠴᠢᠯᠠᠨ ᠬᠤᠯᠪᠣᠭᠠᠯᠠᠬᠤ ᠠᠵᠢᠯ ᠦᠷᠨᠢᠬᠦᠯᠪᠡ
ᠨᠡᠶᠢᠲᠡᠯᠡᠭᠰᠡᠨ ᠴᠠᠭ᠄
2025/6/16
         6 ᠰᠠᠷ᠎ᠠ ᠶᠢᠨ 10 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠰᠢᠯᠤᠭᠤᠨ ᠬᠥᠬᠡ ᠬᠤᠰᠢᠭᠤᠨ ᠤ ᠨᠠᠷᠠᠲᠤ ᠰᠣᠮᠣᠨ ᠳᠤ ᠭᠦᠨᠵᠡᠭᠡᠶᠢᠷᠡᠨ ᠳᠠᠭᠠᠭᠠᠴᠢᠯᠠᠨ ᠬᠤᠯᠪᠣᠭᠠᠯᠠᠬᠤ ᠠᠵᠢᠯ ᠥᠷᠨᠢᠭᠦᠯᠦᠭᠰᠡᠨ ᠪᠥᠭᠡᠳ ᠰᠠᠭᠤᠳᠠᠯ ᠤᠨ ᠬᠤᠷᠠᠯ ᠬᠤᠷᠠᠯᠳᠤᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠬᠤ ᠪᠠ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ  ᠤᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠭᠠᠵᠠᠷ᠂ ᠲᠥᠰᠦᠪ ᠤᠨ ᠭᠠᠵᠠᠷ᠂ ᠠᠯᠪᠠᠨ ᠬᠡᠷ ᠪᠣᠯᠤᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃          ᠨᠠᠷᠠᠲᠤ ᠰᠤᠮᠤᠨ ᠤ ᠬᠥᠭᠵᠢᠯᠲᠡ ᠶᠢ ᠲᠦᠷᠭᠡᠳᠭᠡᠵᠦ᠂ ᠬᠥᠭᠵᠢᠯᠲᠡ ᠶᠢᠨ ᠶᠠᠪᠤᠴᠠ ᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠠᠵᠢᠯ ᠤᠨ ᠵᠥᠪᠯᠡᠯ ᠤᠨ ᠪᠠᠶᠢᠭᠤᠯᠭ᠎ᠠ ᠶᠢᠨ ᠤᠳᠤᠷᠢᠳᠤᠯᠭ᠎ᠠ ᠨᠠᠷ ᠨᠠᠷᠠᠲᠤ ᠰᠤᠮᠤᠨ ᠤ ᠤᠳᠤᠷᠢᠳᠬᠤ ᠪᠠᠭ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠮᠥᠩᠭᠦᠨ ᠭᠦᠶᠯᠭᠡᠭᠡᠨ ᠤ ᠰᠠᠯᠠᠭ᠎ᠠ ᠮᠥᠴᠢᠷ ᠵᠢᠴᠢ ᠭᠤᠭᠤᠰᠤᠲᠠᠢ ᠭᠠᠴᠠᠭᠠᠨ ᠤ ᠬᠤᠶᠠᠷ ᠵᠥᠪᠯᠡᠯ ᠤᠨ ᠤᠳᠤᠷᠢᠳᠬᠤ ᠪᠠᠭ ᠲᠠᠢ ᠰᠠᠭᠤᠳᠠᠯ ᠤᠨ ᠬᠤᠷᠠᠯ ᠬᠤᠷᠠᠯᠳᠤᠭᠤᠯᠵᠤ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠶᠠᠷᠢᠯᠴᠠᠭᠰᠠᠨ ᠪᠠᠶᠢᠨ᠎ᠠ᠃ ᠬᠤᠷᠠᠯ ᠠᠴᠠ ᠨᠠᠷᠠᠳᠤ ᠰᠤᠮᠤᠨ ᠤ ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠬᠡᠷᠬᠢᠨ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠪᠦᠬᠦ ᠲᠠᠯ᠎ᠠ ᠶᠢᠨ ᠲᠥᠯᠥᠪᠵᠢᠭᠦᠯᠭᠡ ᠬᠢᠭᠰᠡᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠳᠤ ᠴᠢᠭᠯᠡᠭᠦᠯᠦᠨ ᠠᠷᠭ᠎ᠠ ᠠᠪᠴᠠᠯ ᠰᠦᠪᠡᠭᠴᠢᠯᠡᠭᠰᠡᠨ ᠪᠠᠶᠢᠨ᠎ᠠ᠃        ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ  ᠶᠢᠨ  ᠡᠭᠦᠷᠭᠡ ᠬᠠᠷᠢᠭᠤᠴᠠᠯᠭ᠎ᠠ ᠪᠠᠨ ᠴᠢᠨᠠᠭᠰᠢᠳᠠ ᠴᠢᠩᠭᠠᠳᠬᠠᠵᠤ᠂ ᠳᠠᠭᠠᠭᠠᠴᠢᠯᠠᠨ ᠬᠠᠷᠢᠯᠴᠠᠬᠤ ᠭᠠᠵᠠᠷ ᠣᠷᠣᠨ ᠤ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠠᠵᠢᠯ ᠤᠨ ᠰᠡᠳᠬᠢᠴᠡ ᠪᠠᠨ ᠰᠢᠯᠤᠭᠤᠳᠬᠠᠨ᠂ ᠬᠥᠭᠵᠢᠯᠲᠡ ᠶᠢᠨ ᠴᠢᠭᠯᠡᠯ ᠢᠶᠠᠨ ᠣᠨᠣᠪᠴᠢᠲᠠᠶ ᠣᠯᠵᠤ᠂ ᠭᠠᠵᠠᠷ ᠣᠷᠣᠨ ᠤ ᠪᠣᠳᠠᠲᠤ ᠪᠠᠶᠢᠳᠠᠯ  ᠲᠠᠢ ᠪᠠᠨ ᠤᠶᠠᠯᠳᠤᠭᠤᠯᠤᠨ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠳᠠᠭᠠᠭᠠᠴᠢᠯᠠᠨ ᠬᠠᠷᠢᠯᠴᠠᠬᠤ ᠨᠢᠭᠡᠴᠢ ᠶᠢ ᠢᠳᠡᠪᠬᠢᠲᠡᠶ ᠵᠤᠬᠢᠴᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠭᠦᠶᠴᠡᠳ ᠠᠰᠢᠭᠯᠠᠨ᠂ ᠨᠠᠷᠠᠳᠤ ᠰᠤᠮᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠠᠵᠤ ᠦᠶᠯᠡᠰ ᠤᠨ ᠬᠥᠭᠵᠢᠯᠲᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠬᠤᠯᠪᠣᠭᠳᠠᠯ ᠪᠦᠬᠦᠢ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠳᠠᠭᠠᠭᠠᠴᠢᠯᠠᠨ ᠬᠤᠯᠪᠣᠭᠠᠯᠠᠬᠤ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠬᠦᠴᠦᠨ ᠢᠶᠠᠷ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号