ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ | ᠪᠠᠶᠢᠴᠠᠭᠠᠨ ᠰᠤᠳᠤᠯᠬᠤ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠨᠠᠷᠠᠲᠤ ᠰᠤᠮᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 10 ᠤ | ᠡᠳᠦᠷ ᠰᠢᠯᠤᠭᠤᠨ ᠬᠥᠬᠡ ᠬᠤᠰᠢᠭᠤᠨ ᠤ ᠨᠠᠷᠠᠲᠤ ᠰᠤᠮᠤ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠦᠶᠯᠡᠰ | ᠤᠨ ᠠᠭᠤᠰᠤᠯᠴᠠᠨ ᠬᠥᠭᠵᠢᠬᠦ ᠰᠠᠭᠤᠳᠠᠯ ᠤᠨ ᠬᠤᠷᠠᠯ ᠬᠤᠷᠠᠯᠳᠤᠭᠤᠯᠪᠠ᠃ ᠠᠶᠢᠮᠠᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠪᠠᠶᠢᠭᠤᠯᠭ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠵᠢᠴᠢ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠮᠥᠩᠭᠦᠨ ᠭᠦᠶᠯᠭᠡᠭᠡᠨ | ᠤ ᠪᠠᠶᠢᠭᠤᠯᠤᠮᠵᠢ᠂ ᠰᠤᠮᠤᠨ ᠤ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ | ᠬᠤᠷᠠᠯ ᠠᠴᠠ ᠨᠠᠷᠠᠳᠤ ᠰᠤᠮᠤᠨ ᠤ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠪᠠ ᠠᠵᠤ | ᠦᠢᠯᠡᠰ ᠤᠨ ᠬᠦᠭᠵᠢᠯᠳᠡ ᠶᠢᠨ ᠲᠦᠯᠦᠪᠵᠢᠬᠦᠯᠭᠡ ᠶᠢᠨ ᠲᠤᠬᠠᠢ ᠬᠠᠷᠢᠭᠤ ᠮᠡᠳᠡᠬᠦᠯᠦᠯᠳᠡ ᠶᠢ ᠰᠤᠨᠤᠰᠴᠤ᠂ | ᠬᠤᠰᠢᠭᠤ ᠡᠳ᠋ ᠤᠨ ᠵᠠᠰᠠᠭ᠂ ᠣᠶ ᠰᠢᠭᠤᠶ ᠨᠤᠳᠤᠭ ᠪᠡᠯᠴᠢᠭᠡᠷ᠂ ᠰᠣᠶᠣᠯ ᠵᠢᠭᠤᠯᠴᠢᠯᠠᠯ ᠵᠡᠷᠭᠡ ᠰᠠᠯᠠᠭ᠎ᠠ ᠮᠥᠴᠢᠷ | ᠵᠢᠴᠢ ᠲᠠᠷᠢᠶᠠᠯᠠᠩ ᠤᠨ ᠪᠠᠩᠬᠢ᠂ ᠠᠵᠤ ᠦᠶᠯᠡᠳᠪᠦᠷᠢ ᠶᠢᠨ ᠪᠠᠩᠬᠢ ᠵᠡᠷᠭᠡ ᠮᠥᠩᠭᠦᠨ ᠭᠦᠶᠯᠭᠡᠭᠡᠨ ᠤ ᠪᠠᠶᠢᠭᠤᠯᠤᠮᠵᠢ | ᠶᠢᠨ ᠬᠠᠷᠢᠭᠤᠴᠠᠯᠭᠠᠲᠠᠨ ᠠᠴᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠬᠤ᠂ ᠮᠠᠯ | ᠲᠠᠷᠢᠶᠠᠯᠠᠩ ᠤᠨ ᠪᠦᠲᠦᠭᠡᠭᠳᠡᠭᠦᠨ ᠤ ᠨᠡᠮᠡᠯᠳᠡ ᠦᠷᠳᠡᠭ ᠢ ᠨᠡᠮᠡᠭᠳᠡᠬᠦᠯᠬᠦ ᠵᠢᠴᠢ ᠮᠠᠯᠵᠢᠯ ᠤᠨ ᠦᠷᠳᠡᠭ ᠢ | ᠬᠢᠵᠠᠭᠠᠷᠯᠠᠬᠤ᠂ ᠠᠵᠤ ᠦᠶᠯᠡᠰ ᠤᠨ ᠠᠭᠤᠰᠤᠯᠴᠠᠨ ᠬᠦᠭᠵᠢᠬᠦ ᠰᠢᠨ᠎ᠡ ᠠᠷᠭ᠎ᠠ ᠵᠠᠮ ᠢ ᠰᠦᠪᠡᠭᠴᠢᠯᠡᠬᠦ ᠶᠢᠨ | ᠲᠣᠭᠤᠷᠢᠨ ᠳᠤ ᠠᠷᠭ᠎ᠠ ᠰᠦᠪᠡᠭᠴᠢᠯᠡᠨ᠂ ᠲᠥᠷᠥ ᠶᠢᠨ ᠪᠣᠳᠣᠯᠭ᠎ᠠ ᠬᠢᠭᠡᠳ ᠮᠥᠩᠭᠦᠨ ᠭᠦᠶᠯᠭᠡᠭᠡᠨ ᠤ ᠳᠡᠮᠵᠢᠯᠭᠡ ᠶᠢᠨ | ᠲᠥᠰᠦᠯ ᠲᠤᠷᠠᠳᠴᠠᠢ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ | ᠤᠨ ᠭᠤᠷᠪᠠᠨ ᠬᠠᠷᠢᠭᠤᠴᠠᠯᠭᠠᠲᠠᠨ ᠲᠤᠰ ᠲᠤᠰ ᠵᠢᠯᠣᠭᠤᠳᠬᠤ ᠴᠢᠨᠠᠷᠳᠠᠢ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ | ᠬᠤᠷᠠᠯ ᠠᠴᠠ᠂ ᠨᠠᠷᠠᠲᠤ ᠰᠤᠮᠤ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠵᠤ᠂ ᠠᠮᠢ ᠠᠬᠤᠢ | ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠵᠠᠮ ᠢᠶᠠᠷ ᠯᠠᠪᠳᠠᠭᠤᠨ ᠪᠠᠲᠤᠲᠠᠢ | ᠤᠷᠤᠭᠰᠢᠯᠠᠵᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠬᠤᠷᠢᠭᠯᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ | ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠬᠢᠭᠡᠳ | ᠠᠵᠤ ᠦᠢᠯᠡᠰ ᠤᠨ ᠠᠭᠤᠰᠤᠯᠴᠠᠯ ᠢᠶᠠᠷ ᠭᠤᠣᠯ ᠪᠣᠯᠭᠠᠵᠤ᠂ ᠡᠬᠢ ᠪᠠᠶᠠᠯᠢᠭ ᠤᠨ ᠳᠠᠪᠠᠭᠤᠯᠢᠭ ᠢ ᠨᠢᠭᠡᠳᠦᠯᠲᠡᠢ | ᠲᠦᠯᠦᠪᠵᠢᠬᠦᠯᠦᠨ᠂ ᠤᠨᠴᠠᠯᠢᠬᠳᠤ ᠠᠵᠤ ᠦᠢᠯᠡᠰ ᠢ ᠬᠦᠴᠦᠷᠬᠡᠭᠵᠢᠭᠦᠯᠬᠦ ᠬᠡᠷᠡᠭᠲᠡᠢ᠃ ᠡᠯ᠎ᠡ ᠡᠭᠦᠷᠭᠡ ᠴᠢᠳᠠᠪᠬᠢᠳᠤ | ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠦᠴᠦᠯᠡᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠬᠠᠮᠲᠤᠷᠠᠯ | ᠬᠦᠴᠦᠨ ᠢ ᠪᠦᠷᠢᠯᠳᠦᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠪᠥᠬᠦ ᠬᠦᠴᠦᠨ ᠢᠶᠠᠷ ᠠᠬᠢᠭᠤᠯᠵᠤ᠂ ᠮᠠᠯᠴᠢᠳ ᠤᠨ ᠠᠰᠢᠭ ᠣᠷᠣᠯᠭ᠎ᠠ ᠶᠢ ᠦᠨᠡᠨ ᠬᠦ ᠳᠡᠭᠡᠭᠰᠢᠯᠡᠭᠦᠯᠦᠨ᠂ ᠠᠮᠢ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠯᠠᠪᠳᠠᠭᠤᠨ ᠪᠠᠲᠤᠲᠠᠶ ᠵᠠᠮᠨᠠᠬᠤ ᠬᠡᠷᠡᠭᠲᠡᠶ ᠭᠡᠵᠦ ᠵᠢᠭᠠᠵᠤ | ᠭᠠᠷᠭᠠᠭᠰᠠᠨ ᠪᠠᠶᠢᠨ᠎ᠠ᠃ | |