6 ᠰᠠᠷ᠎ᠠ ᠶᠢᠨ 10 ᠤ ᠡᠳᠦᠷ᠂ ᠰᠢᠯᠢ ᠶᠢᠨ ᠭᠤᠤᠯ ᠠᠶᠢᠮᠠᠭ ᠤᠨ ᠪᠠᠶ ᠶᠤᠸᠠᠢ ᠠᠵᠢᠯ ᠮᠡᠷᠭᠡᠵᠢᠯ ᠤᠨ | ᠪᠣᠯᠪᠠᠰᠤᠷᠠᠯ ᠤᠨ ᠰᠤᠷᠭᠠᠭᠤᠯᠢ ᠪᠣᠯᠤᠨ ᠥᠪᠥᠷ ᠮᠣᠩᠭᠤᠯ ᠤᠨ ᠪᠠᠶ ᠶᠤᠸᠠᠢ ᠵᠥᠩ ᠳ᠋ᠡ ᠵᠥᠪᠯᠡᠯᠭᠡ ᠥᠭᠬᠦ | ᠦᠶᠯᠡᠴᠢᠯᠡᠭᠡᠨ ᠤ ᠬᠢᠵᠠᠭᠠᠷᠲᠤ ᠺᠣᠮᠫᠠᠨᠢ ᠬᠠᠮᠲᠤᠷᠠᠨ ᠨᠤᠭᠤ ᠭᠠᠵᠠᠷ ᠤᠨ ᠴᠡᠴᠡᠷᠯᠢᠭ ᠲᠤ ︽ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠬᠠᠶᠢᠷᠴᠠᠭ ᠬᠦᠷᠭᠡᠬᠦ ᠠᠵᠢᠯᠯᠠᠭ᠎ᠠ︾ ᠥᠷᠨᠢᠭᠦᠯᠪᠡ᠃ ᠬᠤᠰᠢᠭᠤ ᠨᠠᠮ ᠤᠨ | ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠤᠭᠤ ᠭᠠᠵᠠᠷ | ᠤᠨ ᠬᠠᠮᠢᠶᠠᠷᠤᠯᠲᠠ ᠶᠢᠨ ᠲᠣᠪᠴᠢᠶ᠎ᠠ ᠵᠢᠴᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠶᠣᠰᠣᠯᠠᠯ ᠳᠤ ᠤᠷᠤᠯᠴᠠᠵᠠᠢ᠃ | ᠠᠵᠢᠯᠯᠠᠭ᠎ᠠ ᠪᠠᠷ᠂ 2 ᠠᠵᠤ ᠠᠬᠤᠶᠢᠯᠠᠯ ᠠᠴᠠ ᠨᠡᠶᠢᠳᠡ 8000 ᠲᠥᠭᠦᠷᠢᠭ ᠤᠨ ᠥᠷᠲᠡᠭ ᠪᠥᠬᠦᠶ 10 | ᠢᠵᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠠᠶᠢᠷᠴᠠᠭ ᠵᠢᠴᠢ ᠪᠠᠴᠢᠮ ᠪᠠᠶᠢᠳᠠᠯ ᠢ ᠠᠷᠭᠠᠴᠠᠭᠠᠬᠤ | ᠲᠥᠬᠦᠭᠡᠷᠦᠮᠵᠢ ᠬᠠᠨᠳᠢᠪᠯᠠᠭᠰᠠᠨ ᠪᠠᠶᠢᠨ᠎ᠠ᠃ ᠡᠲᠡᠭᠡᠷ ᠲᠥᠬᠦᠭᠡᠷᠦᠮᠵᠢ ᠳᠤ ᠠᠪᠤᠷᠠᠯᠳᠠ ᠶᠢᠨ ᠳᠡᠭᠡᠰᠦ᠂ ᠠᠪᠤᠷᠠᠯᠳᠠ | ᠶᠢᠨ ᠬᠤᠪᠴᠠᠰᠤ᠂ ᠠᠪᠤᠷᠠᠯᠳᠠ ᠶᠢᠨ ᠴᠠᠭᠠᠷᠢᠭ ᠵᠡᠷᠭᠡ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠪᠠᠭᠲᠠᠵᠤ᠂ ᠨᠤᠭᠤ | ᠭᠠᠵᠠᠷ ᠤᠨ ᠴᠡᠴᠡᠷᠯᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠢᠷᠢ ᠲᠦᠪᠰᠢᠨ ᠢ ᠶᠡᠭᠡ ᠪᠠᠷ | ᠳᠡᠭᠡᠭᠰᠢᠯᠡᠭᠦᠯᠬᠦ ᠪᠣᠯᠤᠨ᠎ᠠ᠃ ᠺᠣᠮᠫᠠᠨᠢ ᠶᠢᠨ ᠬᠠᠷᠢᠭᠤᠴᠠᠯᠭᠠᠲᠠᠨ ᠠᠴᠠ ᠪᠠᠰᠠ ᠲᠤᠬᠠᠢ ᠶᠢᠨ ᠲᠠᠯᠠᠪᠠᠢ ᠳᠤ ᠡᠳᠡᠭᠡᠷ | ᠲᠤᠨᠤᠭ ᠲᠥᠬᠦᠭᠡᠷᠦᠮᠵᠢ ᠶᠢ ᠬᠡᠷᠡᠭᠯᠡᠬᠦ ᠠᠷᠭ᠎ᠠ ᠪᠣᠯᠤᠨ ᠠᠩᠬᠠᠷᠬᠤ ᠵᠦᠢᠯ ᠢ ᠨᠠᠷᠢᠨ ᠲᠠᠶᠢᠯᠪᠤᠷᠢᠯᠠᠵᠤ᠂ ᠬᠠᠮᠢᠶ᠎ᠠ | ᠪᠦᠬᠦᠢ ᠬᠥᠮᠦᠰ ᠤᠨ ᠠᠪᠤᠷᠠᠨ ᠲᠤᠰᠠᠯᠠᠬᠤ ᠲᠤᠨᠤᠭ ᠲᠥᠬᠦᠭᠡᠷᠦᠮᠵᠢ ᠶᠢ ᠪᠣᠯᠪᠠᠰᠤᠷᠠᠩᠭᠤᠢ ᠡᠵᠡᠮᠰᠢᠵᠦ ᠵᠥᠪ | ᠬᠡᠷᠡᠭᠯᠡᠬᠦ ᠶᠢ ᠦᠨᠡᠨ ᠬᠦ ᠪᠠᠳᠤᠯᠠᠵᠠᠢ᠃ | ᠣᠶᠢᠯᠠᠭᠠᠭᠰᠠᠨ ᠢᠶᠠᠷ᠂ ᠳᠤᠰ 2 ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠨᠢ 2023 ᠣᠨ ᠠᠴᠠ | ᠡᠬᠢᠯᠡᠨ ᠨᠠᠰᠤᠲᠠᠶᠢᠴᠤᠳ᠂ ᠵᠡᠮᠳᠡᠭᠴᠤᠳ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ | ᠬᠠᠶᠢᠷ᠎ᠠ ᠬᠠᠯᠠᠮᠵᠢ ᠬᠦᠷᠳᠡᠭᠡᠭᠦ᠂ ᠰᠤᠷᠭᠠᠨ ᠬᠥᠮᠦᠵᠢᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠶᠯᠡᠰ ᠢ | ᠳᠡᠮᠵᠢᠬᠦ ᠵᠡᠷᠭᠡ ᠠᠯᠢ ᠣᠯᠠᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠢᠳᠡᠪᠬᠢᠳᠡᠢ ᠵᠣᠬᠢᠶᠠᠨ ᠪᠠᠶᠢᠭᠤᠯᠵᠤ | ᠦᠷᠨᠢᠬᠦᠯᠦᠭᠰᠡᠭᠡᠷ ᠢᠷᠡᠵᠡᠢ᠃ ᠡᠭᠦᠨ ᠳᠤ ᠤᠨᠴᠠᠯᠠᠨ ᠳᠤᠷᠠᠳᠤᠭᠤᠰᠢᠳᠠᠢ ᠨᠢ ᠬᠤᠰᠢᠭᠤ ᠨᠠᠰᠤᠳᠠᠶᠢᠴᠤᠳ ᠤᠨ | ᠠᠰᠠᠷᠠᠮᠵᠢ ᠶᠢᠨ ᠬᠦᠷᠢᠶᠡᠯᠡᠩ ᠳᠤ 5000 ᠲᠥᠭᠦᠷᠢᠭ ᠤᠨ ᠠᠮᠢᠳᠤᠷᠠᠯ ᠤᠨ ᠡᠳ᠋ ᠪᠣᠳᠠᠰ ᠬᠠᠨᠳᠢᠪᠯᠠᠵᠤ᠂ ᠣᠷᠴᠢᠨ | ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ 4000 ᠲᠥᠭᠦᠷᠢᠭ ᠤᠨ ᠪᠡᠭᠡᠯᠡᠶ᠂ ᠮᠠᠯᠠᠭᠠᠶ ᠵᠡᠷᠭᠡ ᠡᠳ᠋ | ᠪᠣᠳᠠᠰ ᠬᠠᠨᠳᠢᠪᠯᠠᠵᠤ᠂ ᠬᠠᠪᠢᠷᠭ᠎ᠠ ᠪᠠᠭ᠎ᠠ ᠰᠤᠷᠭᠠᠭᠤᠯᠢ ᠪᠠ ᠰᠠᠩ ᠤᠨ ᠲᠡᠯᠡᠶ ᠰᠤᠷᠭᠠᠭᠤᠯᠢ ᠳᠤ ᠪᠡᠶ᠎ᠡ ᠶᠢᠨ ᠲᠠᠮᠢᠷ | ᠤᠨ ᠬᠡᠷᠡᠭᠰᠡᠯ ᠪᠠ ᠨᠣᠮ ᠪᠢᠴᠢᠭ ᠬᠠᠨᠳᠢᠪᠯᠠᠭᠰᠠᠨ ᠪᠦᠭᠡᠳ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ ᠶᠢᠨ ᠬᠤᠭᠤᠴᠠᠭᠠᠨ ᠳᠤ ᠬᠠᠶᠢᠷ᠎ᠠ ᠬᠠᠯᠠᠮᠵᠢᠳᠤ ᠲᠡᠷᠭᠡᠨ ᠠᠩᠭᠢ ᠶᠢ ᠵᠣᠬᠢᠶᠠᠨ ᠪᠠᠶᠢᠭᠤᠯᠤᠨ | ᠰᠢᠯᠭᠠᠭᠤᠯᠤᠭᠴᠢ ᠶᠢ ᠲᠣᠰᠴᠤ ᠬᠦᠷᠭᠡᠬᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠵᠡᠷᠭᠡ ᠰᠠᠶᠢᠨ | ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠶ ᠤᠷᠤᠯᠴᠠᠵᠤ ᠨᠡᠶᠢᠭᠡᠮ ᠨᠡᠶᠢᠳᠡ ᠳᠤ ᠥᠪᠡᠷ ᠤᠨ | ᠬᠤᠪᠢ ᠨᠡᠮᠡᠷᠢ ᠬᠦᠴᠦᠨ ᠴᠢᠳᠠᠯ ᠢᠶᠠᠨ ᠨᠡᠮᠡᠷᠢᠯᠡᠭᠰᠡᠨ ᠪᠠᠶᠢᠨ᠎ᠠ᠃ | |