2025 ᠣᠨ ᠤ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠢᠬᠦᠮᠵᠢᠯᠡᠭᠴᠢᠳ ᠤᠨ ᠪᠣᠯᠪᠠᠰᠤᠷᠠᠯ ᠤᠨ ᠠᠩᠭᠢ ᠵᠢᠴᠢ ᠤᠳᠬ᠎ᠠ ᠤᠷᠠᠯᠢᠭ ᠤᠨ ᠰᠢᠭᠦᠮᠵᠢ ᠵᠣᠬᠢᠶᠠᠨ ᠪᠢᠴᠢᠬᠦ ᠪᠣᠯᠪᠠᠰᠤᠷᠠᠯ ︵ᠠᠩᠬᠠᠳᠠᠭᠴᠢ ᠪᠦᠯᠦᠭ︶ ᠰᠢᠯᠤᠭᠤᠨ ᠬᠥᠬᠡ ᠬᠤᠰᠢᠭᠤᠨ ᠳᠤ ᠡᠬᠢᠯᠡᠯ᠎ᠡ
ᠨᠡᠶᠢᠲᠡᠯᠡᠭᠰᠡᠨ ᠴᠠᠭ᠄
2025/6/16
         6 ᠰᠠᠷ᠎ᠠ ᠶᠢᠨ 10 ᠤ ᠡᠳᠦᠷ᠂ 2025 ᠣᠨ ᠤ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠢᠬᠦᠮᠵᠢᠯᠡᠭᠴᠢᠳ ᠤᠨ ᠪᠣᠯᠪᠠᠰᠤᠷᠠᠯ ᠵᠢᠴᠢ ᠤᠳᠬ᠎ᠠ ᠤᠷᠠᠯᠢᠭ ᠤᠨ ᠰᠢᠭᠦᠮᠵᠢ ᠵᠣᠬᠢᠶᠠᠨ ᠪᠢᠴᠢᠬᠦ ᠪᠣᠯᠪᠠᠰᠤᠷᠠᠯ ︵ᠠᠩᠬᠠᠳᠠᠭᠴᠢ ᠪᠦᠯᠦᠭ︶ ᠰᠢᠯᠤᠭᠤᠨ ᠬᠥᠬᠡ ᠬᠤᠰᠢᠭᠤᠨ ᠳᠤ ᠬᠢᠴᠢᠶᠡᠯ ᠡᠬᠢᠯᠡᠯ᠎ᠡ᠃ ᠲᠣᠰ ᠤᠳᠠᠭᠠᠨ ᠤ ᠪᠣᠯᠪᠠᠰᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠢᠭᠦᠮᠵᠢᠯᠡᠭᠴᠢᠳ ᠤᠨ ᠨᠡᠶᠢᠭᠡᠮᠯᠢᠭ᠂ ᠰᠢᠯᠢ ᠶᠢᠨ ᠭᠤᠤᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠰᠢᠯᠤᠭᠤᠨ ᠬᠥᠬᠡ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠳᠠᠭᠠᠭᠠᠴᠢᠯᠠᠨ ᠡᠷᠬᠢᠯᠡᠭᠰᠡᠨ ᠪᠠᠶᠢᠨ᠎ᠠ᠃         ᠥᠪᠥᠷ ᠮᠣᠩᠭᠤᠯ ᠤᠨ ᠤᠳᠬ᠎ᠠ ᠤᠷᠠᠯᠢᠭ ᠤᠨ ᠰᠢᠬᠦᠮᠵᠢᠯᠡᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠸᠠᠩ ᠬᠤᠩ ᠸᠧᠶ ᠪᠤᠯᠪᠠᠰᠤᠷᠠᠯ ᠡᠬᠢᠯᠡᠬᠦ ᠶᠣᠰᠣᠯᠠᠯ ᠢ ᠡᠷᠬᠢᠯᠡᠵᠦ᠂ ᠰᠢᠯᠢ ᠶᠢᠨ ᠭᠤᠣᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠲᠡᠷᠢᠭᠦᠯᠡᠭᠴᠢ ᠭᠤᠤ ᠯᠦᠩ ᠶᠣᠰᠣᠯᠠᠯ ᠳᠤ ᠤᠷᠤᠯᠴᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠠᠯᠠᠢ ᠤᠭᠳᠤᠯᠭ᠎ᠠ  ᠶᠢᠨ ᠦᠬᠡ ᠬᠡᠯᠡᠭᠰᠡᠨ ᠪᠠᠶᠢᠨ᠎ᠠ᠃ ᠡᠬᠢᠯᠡᠯᠳᠡ ᠶᠢᠨ ᠶᠤᠰᠤᠯᠠᠯ ᠢᠶᠠᠷ ᠰᠢᠯᠢ ᠶᠢᠨ ᠭᠤᠤᠯ ᠠᠶᠢᠮᠠᠭ ᠤᠨ ᠤᠳᠬ᠎ᠠ ᠤᠷᠠᠯᠢᠭ ᠤᠨ ᠬᠤᠯᠪᠤᠭ᠎ᠠ᠂ ᠰᠢᠯᠤᠭᠤᠨ ᠬᠦᠭᠡ ᠬᠤᠰᠢᠭᠤᠨ ᠤ ᠤᠳᠬ᠎ᠠ ᠤᠷᠠᠯᠢᠭ ᠤᠨ ᠬᠤᠯᠪᠤᠭᠠᠨ ᠳᠤ ᠥᠪᠤᠷ ᠮᠤᠩᠭᠤᠯ ᠤᠨ ᠤᠳᠬ᠎ᠠ ᠤᠷᠠᠯᠢᠭ ᠤᠨ ᠰᠢᠬᠦᠮᠵᠢᠯᠡᠭᠴᠢᠳ ᠤᠨ ᠨᠡᠶᠢᠭᠡᠮᠯᠢᠭ ᠤᠨ ᠦᠨᠳᠦᠰᠦᠨ ᠱᠠᠲᠤᠨ ᠤ ᠠᠵᠢᠯᠯᠠᠭᠠᠨ ᠤ ᠦᠷᠳᠡᠭᠡ ᠶᠢᠨ ᠢᠯᠡᠷᠭᠡᠶᠢᠯᠡᠯ ᠣᠯᠭᠤᠵᠤ᠂ ᠬᠢᠴᠢᠶᠡᠯᠯᠡᠬᠦ ᠲᠤᠰᠬᠠᠶ ᠮᠡᠷᠭᠡᠵᠢᠯᠲᠡᠨ ᠳᠤ ᠤᠷᠢᠯᠭ᠎ᠠ ᠶᠢᠨ ᠪᠢᠴᠢᠭ ᠭᠠᠷᠳᠠᠭᠤᠯᠤᠭᠰᠠᠨ ᠪᠠᠶᠢᠨ᠎ᠠ᠃         ᠪᠣᠯᠪᠠᠰᠤᠷᠠᠯ ᠨᠢ 2 ᠡᠳᠦᠷ ᠤᠨ ᠬᠤᠭᠤᠴᠠᠭᠠᠨ ᠳᠤ ᠣᠨᠣᠯ ᠤᠨ ᠬᠢᠴᠢᠶᠡᠯᠯᠡᠭᠡ ᠪᠠ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠬᠤ ᠪᠤᠯᠤᠨ᠎ᠠ᠃ ᠡᠬᠢᠯᠡᠯᠳᠡ ᠶᠢᠨ ᠶᠤᠰᠤᠯᠠᠯ ᠤᠨ ᠳᠠᠷᠠᠭ᠎ᠠ᠂ ᠯᠢ ᠺᠧ ᠷᠠᠨ ᠵᠢᠷᠤᠭ ᠤᠨ ᠬᠦᠷᠢᠶᠡᠯᠡᠩ ᠤᠨ ᠳᠡᠳ᠋ ᠳᠠᠷᠤᠭ᠎ᠠ᠂ ᠰᠤᠳᠤᠯᠤᠭᠴᠢ᠂ ᠨᠢᠭᠡᠳᠦᠭᠡᠷ ᠳᠡᠰ ᠤᠨ ᠤᠷᠠᠨ ᠵᠢᠷᠤᠭᠴᠢᠨ ᠯᠢᠨ ᠬᠤᠩ᠂ ︽ᠳᠤᠮᠳᠠᠳᠤ ᠤᠯᠤᠰ ᠤᠨ ᠤᠷᠠᠨ ᠵᠢᠷᠤᠭ ᠤᠨ ᠰᠣᠨᠢᠨ︾ ᠤ ᠳᠡᠳ᠋ ᠶᠡᠷᠦᠩᠬᠡᠶ ᠨᠠᠶᠢᠷᠠᠭᠤᠯᠤᠭᠴᠢ ᠹᠧᠩ ᡁᠢ ᠵᠢᠶᠦ᠋ᠨ ᠲᠤᠰ ᠲᠤᠰ ︽ᠤᠷᠠᠯᠢᠭ ᠤᠨ ᠵᠣᠬᠢᠶᠠᠨ ᠪᠦᠲᠦᠭᠡᠯᠭᠡ ᠶᠢᠨ ᠣᠲᠣ ᠦᠶ᠎ᠡ ᠶᠢᠨ ᠬᠤᠪᠢᠷᠠᠯᠳᠠ︾ ︽ᠤᠷᠠᠯᠢᠭ ᠤᠨ ᠰᠢᠭᠦᠮᠵᠢ ᠶᠢᠨ ᠪᠦᠲᠦᠮᠵᠢᠲᠦ ᠴᠢᠨᠠᠷ︾ ᠭᠡᠬᠦ ᠰᠡᠳᠦᠪ ᠢᠶᠠᠷ ᠲᠠᠶᠢᠯᠤᠮᠵᠢ ᠬᠢᠭᠰᠡᠨ ᠪᠠᠶᠢᠨ᠎ᠠ᠃ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠫᠷᠦᠹᠧᠰᠰᠤᠷ ᠸᠠᠩ ᠫᠧᠩ ᠷᠦᠢ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠢᠬᠦᠮᠵᠢᠯᠡᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠸᠠᠩ ᠬᠤᠩ ᠸᠧᠢ ︽ᠤᠳᠬ᠎ᠠ ᠤᠷᠠᠯᠢᠭ ᠤᠨ ᠰᠢᠭᠦᠮᠵᠢ ᠶᠢᠨ ᠦᠢᠯᠡᠳᠦᠯᠭᠡ ᠪᠣᠯᠤᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ︾ ᠭᠡᠬᠦ ᠤᠳᠬ᠎ᠠ ᠤᠷᠠᠯᠢᠭ ᠤᠨ ᠰᠢᠭᠦᠮᠵᠢ ᠵᠣᠬᠢᠶᠠᠨ ᠪᠢᠴᠢᠬᠦ ᠲᠤᠬᠠᠢ ᠶᠠᠷᠢᠯᠴᠠᠯᠭ᠎ᠠ ᠦᠷᠨᠢᠬᠦᠯᠦᠭᠰᠡᠨ ᠪᠠᠶᠢᠨ᠎ᠠ᠃         ᠪᠦᠬᠦ ᠣᠷᠣᠨ ᠤ ᠡᠯ᠎ᠡ ᠭᠠᠵᠠᠷ ᠤᠨ ᠤᠳᠬ᠎ᠠ ᠤᠷᠠᠯᠢᠭ ᠤᠨ ᠠᠵᠢᠯᠳᠠᠨ 40 ᠭᠠᠷᠤᠢ ᠬᠥᠮᠦᠨ ᠪᠣᠯᠪᠠᠰᠤᠷᠠᠯ ᠳᠤ ᠤᠷᠤᠯᠴᠠᠵᠠᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号