6 ᠰᠠᠷ᠎ᠠ ᠶᠢᠨ 11 ᠤ ᠡᠳᠦᠷ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢ | ᠪᠥᠸᠧ ᠹᠧᠩ ᠬᠠᠪᠢᠷᠭ᠎ᠠ ᠪᠠᠯᠭᠠᠰᠤᠨ ᠳᠤ ᠬᠦᠷᠴᠦ᠂ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠦᠮᠦᠵᠢᠯ ᠤᠨ ᠪᠠᠶᠢᠳᠠᠯ ᠢ ᠤᠶᠢᠯᠠᠭᠠᠬᠤ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ | ᠤᠨ ᠳᠠᠷᠤᠭ᠎ᠠ ᠯᠢ ᠬᠠᠨ ᠹᠧᠨ ᠬᠤᠷᠠᠯ ᠳᠤ ᠤᠷᠤᠯᠴᠠᠵᠠᠢ᠃ | ᠬᠤᠷᠠᠯ ᠳᠡᠭᠡᠷ᠎ᠡ᠂ ᠯᠢ ᠪᠥᠸᠧ ᠹᠧᠩ ᠬᠡᠰᠡᠭ ᠲᠣᠰᠬᠤᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ | ᠹᠷᠣᠨᠲ ᠤᠨ ᠺᠠᠳ᠋ᠷ ᠠᠵᠢᠯᠲᠠᠨ ᠠᠵᠢᠯᠴᠢᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠲᠣᠰᠬᠤᠨ ᠤ ᠠᠷᠠᠳ | ᠤᠨ ᠲᠥᠯᠥᠭᠡᠯᠡᠭᠴᠢ ᠵᠢᠴᠢ ᠠᠵᠤ ᠠᠬᠤᠶᠢᠯᠠᠯ ᠤᠨ ᠲᠥᠯᠥᠭᠡᠯᠡᠭᠴᠢ ᠨᠡᠷ ᠲᠠᠢ ᠬᠠᠮᠲᠤ ᠲᠥᠪ ᠤᠨ ᠨᠠᠶᠮᠠᠨ ᠲᠣᠭᠲᠠᠭᠠᠯ | ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠲᠣᠭᠤᠷᠢᠨ ᠳᠤ᠂ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠤᠨ ᠪᠣᠳᠠᠲᠠᠶ ᠬᠡᠷᠡᠭᠴᠡᠭᠡ | ᠱᠠᠭᠠᠷᠳᠠᠯᠭ᠎ᠠ ᠠᠴᠠ ᠭᠠᠷᠳᠠᠵᠤ ᠭᠦᠨᠵᠡᠭᠡᠶ ᠶᠠᠷᠢᠯᠴᠠᠭ᠎ᠠ ᠦᠷᠨᠢᠬᠦᠯᠦᠯ᠎ᠡ᠃ ᠤᠯᠠᠨ ᠢᠶᠠᠷ ᠢᠶᠠᠨ ᠦᠶᠯᠡᠳᠪᠦᠷᠢᠯᠡᠯ | ᠠᠮᠢᠳᠤᠷᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠥᠳᠡᠭᠡ ᠲᠣᠰᠬᠤᠨ ᠤ ᠠᠵᠤ ᠦᠶᠯᠡᠰ ᠢ ᠲᠡᠳᠬᠦᠬᠦ | ᠡᠷᠴᠢᠮ ᠢᠶᠠᠨ ᠴᠢᠩᠭᠠᠷᠠᠭᠤᠯᠬᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠲᠦᠪᠰᠢᠨ | ᠢ ᠳᠡᠭᠡᠭᠰᠢᠯᠡᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠳᠤᠷᠠᠳᠴᠤ᠂ ᠠᠵᠤ ᠠᠬᠤᠶᠢᠯᠠᠯ ᠤᠨ ᠲᠥᠯᠥᠭᠡᠯᠡᠭᠴᠢ | ᠪᠠᠰᠠ ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠰᠠᠭᠤᠳᠠᠯ ᠤᠨ ᠲᠤᠬᠠᠢ ᠳᠤᠷᠠᠳᠴᠠᠢ᠃ ᠯᠢ ᠪᠥᠸᠧ | ᠹᠧᠩ ᠬᠡᠯᠡᠬᠦ ᠳᠡᠭᠡᠨ᠂ ᠠᠷᠠᠳ ᠤᠨ ᠪᠠᠶᠢᠳᠠᠯ ᠢ ᠤᠶᠢᠯᠠᠭᠠᠬᠤ ᠪᠣᠯ ᠳᠠᠷᠤᠶ ᠣᠯᠠᠨ ᠲᠦᠮᠡᠨ ᠤ ᠬᠠᠷᠠᠭᠠᠰᠤ ᠠᠴᠠ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠪᠠᠶᠢᠴᠠᠭᠠᠨ ᠦᠵᠡᠵᠦ᠂ ᠰᠤᠷᠲᠠᠯ ᠤᠨ ᠪᠠᠶᠢᠭᠤᠯᠤᠯᠲᠠ ᠶᠢᠨ | ᠪᠠᠭᠤᠷᠠᠶ ᠭᠤᠭᠴᠤᠭ᠎ᠠ ᠶᠢ ᠣᠨᠣᠪᠴᠢᠲᠠᠶ ᠡᠷᠢᠵᠦ ᠭᠠᠷᠭᠠᠬᠤ ᠶᠠᠪᠤᠳᠠᠯ ᠪᠣᠯᠤᠨ᠎ᠠ᠃ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ | ︽ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠶᠴᠡᠳᠬᠡᠬᠦ︾ ᠡᠭᠦᠷᠭᠡ ᠪᠣᠯᠭᠠᠨ ᠬᠤᠪᠢᠷᠠᠭᠤᠯᠵᠤ᠂ ᠪᠣᠳᠠᠲᠠᠶ | ᠠᠰᠠᠭᠤᠳᠠᠯ ᠢ ᠳᠠᠷᠤᠢ ᠳᠤᠨᠢ ᠰᠠᠶᠢᠵᠢᠷᠠᠭᠤᠯᠬᠤ ᠪᠠᠷ ᠪᠠᠷᠠᠬᠤ ᠥᠬᠡᠶ᠂ ᠨᠠᠩ ᠴᠤ ᠨᠢᠭᠡ ᠠᠴᠠ ᠨᠥᠭᠦᠭᠡ ᠶᠢ | ᠵᠦᠶᠴᠢᠯᠡᠨ᠂ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ | ᠬᠤᠷᠢᠭᠯᠠᠬᠤ ᠬᠡᠷᠡᠭᠲᠡᠶ ᠭᠡᠰᠡᠨ ᠪᠠᠶᠢᠨ᠎ᠠ᠃ | ᠯᠢ ᠪᠥᠸᠧ ᠹᠧᠩ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠬᠥᠮᠦᠵᠢᠯ | ᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠲᠠᠢ ᠭᠦᠨᠵᠡᠭᠡᠢ | ᠠᠭᠤᠰᠤᠯᠴᠠᠭᠤᠯᠬᠤ ᠬᠡᠷᠡᠭᠲᠡᠢ᠃ ᠠᠵᠤ ᠠᠬᠤᠶᠢᠯᠠᠯ ᠤᠳ ᠨᠡᠶᠢᠭᠡᠮ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ | ᠮᠠᠯᠴᠢᠨ ᠲᠠᠷᠢᠶᠠᠴᠢᠳ ᠢ ᠲᠠᠶᠢᠴᠢᠯᠠᠨ ᠦᠶᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠨᠢ ᠬᠤᠪᠢᠷᠠᠭᠤᠯᠵᠤ᠂ | ᠮᠠᠯᠴᠢᠨ ᠲᠠᠷᠢᠶᠠᠴᠢᠳ ᠢ ᠬᠠᠪᠰᠤᠷᠤᠨ ᠳᠡᠵᠢᠭᠡᠨ ᠦᠷᠡᠵᠢᠬᠦᠯᠬᠦ ᠥᠪᠡᠷ ᠤᠨ ᠥᠷᠲᠡᠭ ᠢ ᠨᠢ ᠪᠠᠭᠤᠷᠠᠭᠤᠯᠬᠤ ᠬᠡᠷᠡᠭᠲᠡᠶ᠃ | ᠠᠮᠢ ᠠᠬᠤᠢ ᠶᠢᠨ ᠬᠠᠮᠠᠭᠠᠯᠠᠯᠲᠠ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠦᠢᠯᠡᠳᠪᠦᠷᠢᠯᠡᠯ ᠤᠨ ᠠᠷᠭ᠎ᠠ ᠮᠠᠶ᠋ᠢᠭ ᠢ | ᠬᠡᠪᠴᠢᠶᠡᠵᠢᠭᠦᠯᠬᠦ᠂ ᠨᠡᠶᠢᠭᠡᠮᠴᠢᠯᠡᠬᠦ ᠲᠡᠶᠢᠰᠢ ᠬᠤᠪᠢᠷᠠᠭᠤᠯᠬᠤ ᠶᠢ ᠶᠡᠭᠡ ᠪᠠᠷ ᠠᠬᠢᠭᠤᠯᠬᠤ ᠬᠡᠷᠡᠭᠲᠡᠢ᠃ ᠪᠡᠯᠴᠢᠭᠡᠷᠯᠡᠭᠦᠯᠬᠦ | ᠶᠢ ᠬᠤᠷᠢᠭᠯᠠᠬᠤ ᠲᠦᠷᠦ ᠶᠢᠨ ᠪᠤᠳᠤᠯᠭ᠎ᠠ ᠪᠣᠯᠤᠨ ᠠᠵᠤ ᠦᠢᠯᠡᠰ ᠤᠨ ᠬᠥᠭᠵᠢᠯᠲᠡ ᠶᠢ ᠣᠷᠭᠠᠨᠢᠭ ᠢᠶᠠᠷ | ᠤᠶᠠᠯᠳᠤᠭᠤᠯᠵᠤ᠂ ᠨᠠᠶᠢᠳᠠᠨ ᠲᠡᠵᠢᠭᠡᠯᠭᠡᠬᠦ ᠵᠠᠭᠪᠤᠷ ᠢ ᠲᠦᠭᠡᠮᠡᠯᠵᠢᠬᠦᠯᠬᠦ ᠶᠢ ᠵᠣᠷᠢᠭᠵᠢᠭᠤᠯᠵᠤ᠂ ᠡᠬᠢ ᠪᠠᠶᠠᠯᠢᠭ ᠢ | ᠪᠦᠲᠦᠮᠵᠢᠲᠡᠢ ᠠᠰᠢᠭᠯᠠᠨ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ | ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | ᠬᠤᠷᠠᠯ ᠤᠨ ᠲᠠᠷᠠᠭ᠎ᠠ᠂ ᠯᠢ ᠪᠥᠸᠧ ᠹᠧᠩ ᠪᠠᠰᠠ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ | ᠪᠦᠷᠢᠯᠳᠦᠬᠦᠨ ᠲᠠᠢ ᠶᠠᠷᠢᠯᠴᠠᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠤᠶᠢᠯᠠᠭᠠᠵᠠᠢ᠃ | | |