ᠰᠢᠯᠤᠭᠤᠨ ᠬᠥᠬᠡ ᠬᠤᠰᠢᠭᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/16
        ᠰᠠᠭᠤᠭᠠᠯᠢ ᠠᠷᠠᠳ ᠤᠨ ᠮᠥᠩᠭᠦᠨ ᠭᠦᠶᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ 6 ᠰᠠᠷ᠎ᠠ ᠶᠢᠨ 13 ᠤ ᠡᠳᠦᠷ ᠰᠢᠯᠤᠭᠤᠨ ᠬᠥᠬᠡ ᠬᠤᠰᠢᠭᠤᠨ ᠤ ᠡᠳ᠋ ᠤᠨ ᠵᠠᠰᠠᠭ  ᠤᠨ ᠲᠤᠪᠴᠢᠶ᠎ᠠ ᠠᠴᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠢᠴᠢ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ᠂ ᠬᠤᠪᠢᠯᠠᠶ ᠲᠠᠯᠠᠪᠠᠶ ᠳᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃        ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠠᠰᠠᠭᠤᠨ ᠯᠠᠪᠯᠠᠬᠤ ᠲᠠᠪᠴᠠᠩ ᠪᠠᠶᠢᠭᠤᠯᠬᠤ᠂ ᠤᠬᠠᠭᠤᠯᠭ᠎ᠠ  ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠣᠯᠠᠨ ᠲᠦᠮᠡᠨ ᠳᠤ ᠬᠠᠤᠯᠢ ᠪᠤᠰᠤ ᠪᠠᠷ ᠪᠠᠯᠠ ᠮᠥᠩᠭᠦ ᠴᠤᠭᠯᠠᠭᠤᠯᠬᠤ ᠶᠢᠨ ᠬᠦᠨᠦᠭᠡᠯ ᠤᠨ ᠲᠤᠬᠠᠢ ᠬᠠᠮᠢᠶ᠎ᠠ ᠪᠥᠬᠦᠶ ᠮᠡᠳᠡᠯᠭᠡ ᠶᠢ ᠤᠬᠠᠭᠤᠯᠤᠨ᠂ ᠣᠶᠢᠷ᠎ᠠ ᠶᠢᠨ ᠵᠢᠯ ᠤᠨ ᠲᠤᠷᠰᠢ ᠡᠭᠦᠰᠦᠭᠰᠡᠨ ᠬᠡᠷᠡᠭ ᠤᠨ ᠵᠢᠱᠢᠶ᠎ᠡ ᠪᠠᠷ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠤᠬᠠᠭᠳᠠᠬᠤᠨ᠂ ᠪᠠᠶᠢᠩᠭᠤ ᠲᠣᠬᠢᠶᠠᠯᠳᠤᠳᠠᠭ ᠠᠷᠭ᠎ᠠ ᠪᠠᠷᠢᠯ᠂ ᠦᠨᠳᠦᠰᠦᠨ ᠣᠨᠴᠠᠯᠢᠭ ᠵᠢᠴᠢ ᠬᠤᠤᠷ ᠬᠥᠨᠥᠭᠡᠯ ᠢ ᠭᠦᠨᠵᠡᠭᠡᠶ ᠲᠠᠶᠢᠯᠪᠤᠷᠢᠯᠠᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠤᠨᠠᠭᠤᠯᠢ ᠶᠢ ᠢᠯᠭᠠᠨ ᠲᠠᠨᠢᠬᠤ ᠲᠤᠬᠠᠶ ᠭᠤᠤᠯᠳᠠᠯᠭ᠎ᠠ  ᠲᠠᠢ ᠲᠠᠨᠢᠯᠴᠠᠭᠤᠯᠤᠨ᠂ ᠳᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠵᠦ᠂ ︽ᠶᠡᠭᠡ ᠬᠡᠮᠵᠢᠶᠡᠨ ᠤ ᠠᠰᠢᠭ ᠤᠯᠭᠤᠬᠤ︾ ᠤᠨᠠᠭᠤᠯᠢ ᠶᠢ ᠰᠡᠷᠡᠮᠵᠢᠯᠡᠨ᠂ ᠪᠤᠰᠤᠳ ᠤᠨ ᠤᠬᠠᠭᠤᠯᠭ᠎ᠠ ᠶᠢ ᠠᠮᠠᠷᠬᠠᠨ ᠢᠳᠡᠭᠡᠭᠦ ᠦᠭᠡᠢ᠂ ᠲᠠᠨᠢᠯ ᠬᠥᠮᠦᠰ ᠢᠶᠠᠨ ᠰᠣᠬᠤᠷ ᠪᠠᠯᠠᠢ ᠪᠠᠷ ᠲᠠᠨᠢᠯᠴᠠᠭᠤᠯᠬᠤ ᠦᠭᠡᠢ ᠪᠠᠶᠢᠬᠤ ᠶᠢ ᠰᠠᠨᠠᠭᠤᠯᠵᠤ᠂ ᠵᠤᠭᠤᠰ ᠮᠦᠩᠭᠦᠨ ᠤ ᠲᠤᠬᠠᠢ ᠵᠥᠪ ᠦᠵᠡᠯᠲᠡ ᠶᠢ ᠪᠤᠢ ᠪᠤᠯᠭᠠᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠠᠴᠠ ᠬᠤᠯᠠ ᠪᠠᠶᠢᠵᠦ᠂ ᠡᠳ᠋ ᠮᠦᠩᠭᠦ ᠪᠠᠨ ᠰᠠᠶᠢᠲᠤᠷ ᠰᠠᠬᠢᠨ ᠬᠢᠮᠭᠠᠳᠠᠬᠤ ᠶᠢ ᠤᠬᠠᠭᠤᠯᠤᠭᠰᠠᠨ ᠪᠠᠶᠢᠨ᠎ᠠ᠃          ᠲᠣᠰ ᠤᠳᠠᠭᠠᠨ ᠤ ᠤᠬᠠᠭᠤᠯᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠡᠳ᠋ ᠬᠥᠷᠥᠩᠭᠡ ᠶᠢᠨ ᠠᠮᠤᠷ ᠲᠦᠪᠰᠢᠨ ᠢ ᠪᠠᠳᠤᠯᠠᠵᠤ᠂ ᠬᠠᠤᠯᠢ ᠪᠤᠰᠤ  ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠭᠰᠠᠨ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号