6 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠱᠠᠩᠳᠤ | ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ | ᠰᠠᠭᠤᠳᠠᠯ ᠤᠨ ᠬᠤᠷᠠᠯ ᠬᠤᠷᠠᠯᠳᠤᠭᠤᠯᠪᠠ᠃ ᠱᠠᠩᠳᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠱᠧᠨ ᠴᠢᠩ ᠾᠧ᠂ ᠨᠠᠮ ᠤᠨ ᠬᠤᠷᠢᠶᠠᠨ ᠤ | ᠱᠦᠵᠢ᠂ ᠳᠡᠳ᠋ ᠶᠡᠷᠦᠩᠬᠡᠶ ᠳᠠᠭᠠᠭᠠᠮᠠᠯ ᠵᠠᠩ ᠬᠤᠸᠠᠢ ᠸᠧᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ | ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠼᠤᠤ ᠵᠧᠨ ᠢᠦᠢ᠂ ᠵᠠᠰᠠᠭ ᠤᠨ | ᠣᠷᠳᠣᠨ ᠤ ᠳᠡᠳ᠋ ᠬᠤᠰᠢᠭᠤ ᠳᠠᠷᠤᠭ᠎ᠠ ᠵᠠᠩ ᠠᠶ ᠯᠦᠩ ᠨᠠᠷ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ | ᠯᠢ ᠪᠥᠸᠧ ᠹᠧᠩ ᠨᠡᠷ ᠱᠠᠩᠳᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠤ | ᠲᠥᠪᠯᠡᠷᠡᠭᠦᠯᠦᠨ ᠡᠵᠡᠮᠳᠡᠬᠦ ᠲᠠᠰᠤᠭ ᠲᠤ ᠬᠦᠷᠴᠦ᠂ ᠮᠠᠰᠢᠨ ᠴᠣᠭᠴᠠᠯᠠᠪᠤᠷᠢ ᠶᠢᠨ ᠠᠵᠢᠯᠯᠠᠭᠠᠨ ᠤ ᠪᠣᠯᠵᠣᠯᠲᠤ ᠲᠤᠭ᠎ᠠ᠂ | ᠳᠠᠭᠠᠭᠠᠴᠠ ᠶᠢᠨ ᠲᠣᠬᠢᠷᠠᠭᠤᠯᠤᠯᠲᠠ᠂ ᠠᠶᠤᠯ ᠥᠬᠡᠶ ᠦᠶᠯᠡᠳᠪᠦᠷᠢᠯᠡᠯ ᠤᠨ ᠬᠠᠮᠢᠶᠠᠷᠤᠯᠲᠠ ᠡᠵᠡᠮᠳᠡᠯ ᠵᠡᠷᠭᠡ | ᠪᠠᠶᠢᠳᠠᠯ ᠤᠨ ᠲᠤᠬᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠴᠤ᠂ ᠣᠳᠣᠬᠠᠨ ᠤ | ᠮᠠᠰᠢᠨ ᠴᠣᠭᠴᠠᠯᠠᠪᠤᠷᠢ ᠶᠢᠨ ᠴᠠᠬᠢᠯᠭᠠᠨ ᠭᠠᠷᠭᠠᠬᠤ ᠦᠷ᠎ᠡ ᠪᠦᠲᠦᠮᠵᠢ᠂ ᠡᠨᠧᠷᠭᠢ ᠶᠢᠨ ᠬᠤᠷᠣᠭᠳᠠᠯ ᠵᠢᠴᠢ ᠤᠶᠤᠨᠲᠤ | ᠬᠢᠨᠠᠨ ᠡᠵᠡᠮᠳᠡᠬᠦ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ | ᠰᠠᠭᠤᠳᠠᠯ ᠤᠨ ᠬᠤᠷᠠᠯ ᠢᠶᠠᠷ᠂ ᠱᠠᠩᠳᠤ ᠶᠢᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠶᠢᠨ ᠬᠢᠨ ᠦᠶᠯᠡᠳᠪᠦᠷᠢᠯᠡᠯ ᠡᠵᠡᠩᠨᠡᠯᠲᠡ ᠶᠢᠨ ᠣᠳᠣᠬᠢ ᠪᠠᠶᠢᠳᠠᠯ᠂ ᠰᠢᠨ᠎ᠡ ᠡᠨᠧᠷᠭᠢ ᠶᠢᠨ ᠲᠥᠷᠥᠯ ᠵᠦᠶᠯ ᠤᠨ | ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠪᠠ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠᠬᠢ | ᠬᠦᠴᠢᠷᠳᠡᠯ ᠵᠡᠷᠭᠡ ᠪᠠᠨ ᠤᠯᠠᠨ ᠲᠠᠢ ᠬᠤᠪᠢᠶᠠᠯᠴᠠᠯ᠎ᠠ᠃ | ᠯᠢ ᠪᠥᠸᠧ ᠹᠧᠩ ᠠᠵᠤ ᠠᠬᠤᠶᠢᠯᠠᠯ ᠤᠨ ᠣᠷᠳᠣ ᠬᠤᠭᠤᠴᠠᠭᠠᠨ ᠤ ᠲᠤᠷᠰᠢᠳᠠ ᠣᠷᠣᠨ ᠨᠤᠲᠤᠭ ᠤᠨ | ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠭᠦᠶᠴᠡᠳ ᠨᠤᠳᠠᠯᠠᠭᠰᠠᠨ ᠪᠦᠭᠡᠳ | ᠠᠵᠤ ᠠᠬᠤᠶᠢᠯᠠᠯ ᠤᠨ ᠬᠢᠨ ᠲᠣᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠡᠨᠧᠷᠭᠢ ᠶᠢᠨ | ᠠᠮᠤᠷ ᠲᠦᠪᠰᠢᠨ ᠢ ᠪᠠᠲᠤᠯᠠᠬᠤ᠂ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ | ᠠᠬᠢᠭᠤᠯᠬᠤ ᠵᠡᠷᠭᠡ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠣᠷᠣᠨ ᠨᠤᠲᠤᠭ ᠠᠵᠤ ᠠᠬᠤᠶᠢᠯᠠᠯ | ᠤᠨ ᠬᠠᠷᠢᠯᠴᠠᠨ ᠠᠰᠢᠭᠲᠠᠶ ᠬᠠᠮᠲᠤ ᠪᠠᠷ ᠬᠦᠭᠵᠢᠬᠦ ᠶᠢ ᠪᠡᠶᠡᠯᠡᠭᠦᠯᠵᠦ᠂ ᠰᠢᠯᠤᠭᠤᠨ ᠬᠥᠬᠡ ᠬᠤᠰᠢᠭᠤᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ | ᠬᠦᠰᠡᠭᠰᠡᠨ ᠪᠠᠶᠢᠨ᠎ᠠ᠃ ᠯᠢ ᠪᠥᠸᠧ ᠹᠧᠩ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ︽ᠠᠵᠤ ᠠᠬᠤᠶᠢᠯᠠᠯ ᠳᠤ ᠦᠶᠯᠡᠴᠢᠯᠡᠬᠦ ᠪᠣᠯ ᠳᠠᠷᠤᠶ ᠬᠥᠭᠵᠢᠯᠲᠡ ᠳᠤ | ᠦᠶᠯᠡᠴᠢᠯᠡᠬᠦ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ | ᠦᠢᠯᠡᠴᠢᠯᠡᠨ᠂ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠢ ᠠᠯᠬᠤᠮ ᠳᠠᠷᠠᠭ᠎ᠠ ᠲᠠᠢ ᠰᠢᠶᠳᠪᠦᠷᠢᠯᠡᠵᠦ᠂ | ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠰᠠᠭᠤᠷᠢᠨ ᠭᠠᠵᠠᠷ ᠤᠨ ᠬᠤᠯᠪᠣᠭᠠᠯᠠᠨ ᠡᠵᠡᠩᠨᠡᠬᠦ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠲᠤᠯᠠᠭᠠᠯᠠᠭ᠎ᠠ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ ᠠᠵᠢᠯ | ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠣᠷᠴᠢᠨ ᠲᠣᠭᠤᠷᠢᠨ ᠢ ᠦᠨᠡᠨ ᠬᠦ | ᠰᠢᠯᠢᠳᠡᠭᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠬᠦᠴᠢᠷᠳᠡᠯ ᠢ ᠰᠢᠶᠳᠪᠦᠷᠢᠯᠡᠬᠦ ᠳᠤ | ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃ | ᠬᠤᠰᠢᠭᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠬᠠᠷᠢᠭᠤᠴᠠᠯᠭᠠᠲᠠᠨ ᠵᠢᠴᠢ ᠱᠠᠩᠳᠤ ᠶᠢᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠬᠠᠮᠢᠶ᠎ᠠ ᠪᠦᠬᠦᠢ ᠬᠦᠮᠦᠰ ᠤᠷᠤᠯᠴᠠᠵᠠᠢ᠃ | | |