6 ᠳ᠋ᠤᠭᠠᠷ ᠰᠠᠷ᠎ᠠ ᠶᠢᠨ 15 ᠤ ᠡᠳᠦᠷ᠂ ︽ᠬᠤᠪᠢᠯᠠᠢ︾ ᠲᠧᠯᠸᠢᠰ ᠵᠦᠴᠦᠭᠡ ᠶᠢ ᠤᠬᠠᠭᠤᠯᠬᠤ ᠵᠢᠴᠢ | ᠥᠪᠥᠷ ᠮᠣᠩᠭᠤᠯ ᠤᠨ ᠰᠢᠯᠤᠭᠤᠨ ᠬᠥᠬᠡ ᠬᠤᠰᠢᠭᠤᠨ ᠤ ᠰᠣᠶᠣᠯ ᠵᠢᠭᠤᠯᠴᠢᠯᠠᠯ ᠤᠨ ᠬᠤᠳᠠᠯᠳᠣᠭᠠᠴᠢᠨ ᠤᠷᠢᠬᠤ | ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠤᠨ ᠲᠦᠩ ᠵᠧᠦ ᠲᠣᠭᠤᠷᠢᠭ ᠤᠨ ᠰᠥᠩ ᠵᠤᠸᠠᠩ ᠴᠢᠶᠠᠨ ᠶᠤᠸᠠᠨ | ᠥᠷᠲᠡᠭᠡ ᠳᠤ ᠦᠪᠡᠳᠡᠭᠰᠢ ᠶᠡᠭᠡ ᠪᠠᠷ ᠶᠠᠪᠤᠠᠠᠳᠠᠪᠠ᠃ ᠲᠣᠰ ᠤᠳᠠᠭᠠᠨ ᠤ ᠠᠵᠢᠯᠯᠠᠭ᠎ᠠ ᠪᠠᠷ ︽ᠳᠤᠮᠳᠠᠳᠤ ᠶᠢᠨ | ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠤᠯᠤᠰ ᠤᠨ ᠥᠯᠢᠭᠡᠷ ᠢ ᠰᠠᠶᠢᠲᠤᠷ ᠶᠠᠷᠢᠬᠤ︾ ᠪᠠᠷ ᠭᠤᠤᠯ | ᠰᠡᠳᠦᠪ ᠪᠣᠯᠭᠠᠵᠤ᠂ ᠺᠢᠨᠣ᠋ ᠲᠧᠯᠸᠢᠰ ᠤᠨ ᠠᠵᠢᠯ ᠲᠥᠷᠥᠯ ᠤᠨ ᠠᠵᠢᠯᠯᠠᠭᠴᠢ᠂ ᠰᠣᠶᠣᠯ ᠵᠢᠭᠤᠯᠴᠢᠯᠠᠯ ᠤᠨ ᠠᠵᠤ | ᠠᠬᠤᠶᠢᠯᠠᠯ ᠤᠨ ᠲᠥᠯᠥᠭᠡᠯᠡᠭᠴᠢ᠂ ᠵᠠᠭᠤᠴᠢᠯᠠᠭᠤᠷ ᠤᠨ ᠰᠤᠷᠪᠤᠯᠵᠢᠯᠠᠭᠴᠢ ᠵᠡᠷᠭᠡ ᠬᠡᠳᠦᠨ ᠵᠠᠭᠤᠨ ᠬᠥᠮᠤᠰ ᠨᠢᠭᠡ | ᠲᠠᠩᠬᠢᠮ ᠳᠤ ᠴᠣᠬᠯᠠᠷᠠᠵᠣ᠂ ᠰᠣᠶᠣᠯ ᠤᠨ ᠤᠯᠠᠮᠵᠢᠯᠠᠯ ᠪᠠ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠵᠢᠷᠤᠭ | ᠲᠥᠰᠦᠪ ᠢ ᠬᠠᠮᠲᠤ ᠪᠠᠷ ᠵᠢᠷᠤᠭᠯᠠᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠣᠶᠣᠯᠲᠤ᠂ ᠬᠤᠰᠢᠭᠤ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠠᠩᠪᠦ᠋ᠬᠡ ᠵᠡᠷᠭᠡ ᠬᠤᠰᠢᠭᠤ ᠤᠳᠤᠷᠢᠳᠤᠯᠭ᠎ᠠ ᠵᠢᠴᠢ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠨᠢᠯᠴᠠᠭᠤᠯᠬᠤ ᠬᠤᠷᠠᠯ ᠳᠤ | ᠣᠷᠣᠯᠴᠠᠪᠠ᠃ | ᠬᠤᠷᠠᠯ ᠤᠨ ᠠᠬᠤᠶ ᠲᠠᠯᠠᠪᠠᠶ ᠳᠤ᠂ ᠳᠤᠮᠳᠠᠳᠤ ᠤᠯᠤᠰ ᠤᠨ ᠳᠠᠭᠤᠷᠢᠯᠢᠭᠴᠢᠳ ᠤᠨ ᠨᠡᠶᠢᠭᠡᠮᠯᠢᠭ ᠤᠨ | ᠤᠤᠯ ᠤᠨ ᠲᠡᠷᠢᠭᠦᠯᠡᠭᠴᠢ᠂ ᠱᠤᠭ ᠶᠠᠷᠢᠶᠠᠨ ᠤ ᠤᠷᠠᠯᠢᠭᠴᠢᠨ ᠵᠢᠶᠠᠩ ᠺᠦᠨ ᠠᠴᠠ ᠰᠢᠯᠤᠭᠤᠨ ᠬᠥᠬᠡ ᠬᠤᠰᠢᠭᠤᠨ | ᠤ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠤᠭᠰᠠᠨ ᠪᠥᠭᠡᠳ ᠡᠯ᠎ᠡ ᠡᠲᠡᠭᠡᠳ ᠤᠨ | ᠬᠢᠨ ᠢ ᠡᠨᠡ ᠬᠦ ᠨᠤᠲᠤᠭ ᠤᠨ ᠭᠦᠨ ᠵᠤᠵᠠᠭᠠᠨ ᠲᠡᠦᠬᠡ ᠰᠤᠶᠤᠯ ᠢ ᠣᠷᠢᠶᠠᠯᠠᠵᠦ᠂ ᠲᠣᠮᠣ ᠬᠡᠯᠪᠡᠷᠢ ᠶᠢᠨ | ᠲᠡᠦᠬᠡᠲᠦᠵᠦ᠋ᠴᠦᠭᠡ ︽ᠬᠤᠪᠢᠯᠠᠢ︾ ᠶᠢ ᠭᠤᠤᠯᠯᠠᠨ ᠪᠦᠲᠦᠭᠡᠭᠰᠡᠨ ᠪᠦᠯᠬᠦᠮ ᠨᠡᠶᠢᠲᠡ ᠶᠢᠨ ᠬᠢᠨ ᠢ ᠬᠥᠨᠵᠡᠬᠡᠢ | ᠲᠠᠨᠢᠯᠴᠠᠭᠤᠯᠵᠣ ᠂ ᠲᠣᠰ ᠵᠦᠴᠦᠭᠡ ᠶᠢᠨ ᠳᠠᠭᠤᠤ ᠶᠢ ᠲᠠᠭᠤᠯᠠᠬᠰᠡᠨᠲ᠋ᠠᠭᠤᠴᠢᠨ ᠲᠩᠷᠢ ᠶᠢᠨ VCR ᠢ | ᠰᠤᠨᠢᠷᠬᠠᠨ ᠬᠤᠪᠢᠶᠠᠯᠴᠠᠯ᠎ᠠ᠃ ᠲᠣᠰ ᠵᠦᠴᠦᠭᠡ ᠶᠢᠨ ᠭᠤᠤᠯ ᠰᠡᠭᠦᠳᠡᠷᠯᠡᠬᠦ ᠭᠠᠵᠠᠷ ᠪᠣᠯᠤᠭᠰᠠᠨ ᠤ ᠬᠤᠪᠢ ᠳᠤ᠂ | ᠰᠢᠯᠤᠭᠤᠨ ᠬᠥᠬᠡ ᠬᠤᠰᠢᠭᠤ ᠨᠢ ︽ᠶᠤᠸᠠᠨ ᠤ ᠳᠡᠭᠡᠳᠦ ᠨᠡᠶᠢᠰᠯᠡᠯ︾ ᠤᠨ ᠲᠡᠥᠭᠡᠰᠣᠶᠣᠯ ᠳᠤ ᠲᠦᠰᠢᠭᠯᠡᠨ᠂ | ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠲᠠᠨᠢᠯᠴᠠᠭᠤᠯᠭ᠎ᠠ᠂ ᠬᠤᠳᠠᠯᠳᠤᠭᠠᠴᠢᠨᠤᠷᠢᠵᠤ ᠭᠡᠷ᠎ᠡ ᠲᠣᠭᠲᠠᠬᠤ᠂ | ᠣᠨᠴᠠᠯᠢᠭᠲᠤ ᠳᠡᠯᠭᠡᠨ ᠪᠣᠷᠣᠯᠠᠭᠤᠯᠭ᠎ᠠ᠂ ᠸᠢᠳᠢᠣ᠋ ᠰᠢᠭᠤᠳ ᠨᠡᠪᠲᠡᠷᠡᠭᠦᠯᠭᠡ ᠵᠡᠷᠭᠡ ᠠᠯᠢ ᠣᠯᠠᠨ ᠰᠣᠶᠣᠯ | ᠵᠢᠭᠤᠯᠴᠢᠯᠠᠯ ᠤᠨ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠶᠢ ᠨᠠᠷᠢᠨ ᠨᠢᠮᠪᠠᠶ ᠲᠥᠰᠦᠪᠯᠡᠨ | ᠭᠠᠷᠭᠠᠵᠤ᠂ ᠰᠢᠯᠤᠭᠤᠨ ᠬᠥᠬᠡ ᠬᠤᠰᠢᠭᠤ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠡᠶ᠃ | ᠳᠤᠮᠳᠠᠳᠤ ᠤᠯᠤᠰ ᠤᠨ ᠲᠠᠭᠤᠷᠢᠯᠢᠠᠠᠴᠢᠳ ᠤᠨ ᠨᠡᠶᠢᠭᠡᠮᠯᠢᠭ ᠤᠨ ᠤᠤᠯ ᠤᠨ ᠲᠡᠷᠢᠭᠦᠯᠡᠭᠴᠢ᠂ ᠱᠤᠭ | ᠶᠠᠷᠢᠶᠠᠨ ᠤ ᠤᠷᠠᠯᠢᠭᠴᠢᠨ ᠵᠢᠶᠠᠩ ᠺᠦᠨ᠄ ︽ᠪᠦᠬᠦᠶᠢᠯᠡ ᠳᠤᠮᠳᠠᠳᠤ ᠶᠢᠨ ᠦᠨᠳᠦᠰᠦᠲᠡᠨ ᠤ ᠰᠣᠶᠣᠯ ᠪᠣᠯ ᠣᠯᠠᠨ | ᠦᠨᠳᠦᠰᠦᠲᠡᠨ ᠬᠠᠮᠲᠤ ᠪᠠᠷ ᠠᠭᠤᠰᠤᠯᠴᠠᠭᠰᠠᠨ ᠰᠣᠶᠣᠯ ᠤᠨ ᠤᠯᠠᠮᠵᠢᠯᠠᠯ ᠮᠥᠨ᠃ ᠶᠤᠸᠠᠨ ᠤ ᠳᠡᠭᠡᠳᠦ ᠨᠡᠶᠢᠰᠯᠡᠯ | ᠨᠢ ᠮᠠᠰᠢ ᠡᠯᠪᠡᠭ ᠪᠠᠶᠠᠯᠢᠭ ᠲᠡᠦᠬᠡ ᠪᠠ ᠲᠠᠯ᠎ᠠ ᠨᠤᠲᠤᠭ ᠤᠨ ᠰᠣᠶᠣᠯ ᠤᠨ ᠬᠤᠷᠠᠮᠳᠤᠯ ᠲᠠᠢ ᠶᠤᠮ᠂ ᠤᠯᠠᠨ ᠢᠶᠠᠷ | ᠢᠶᠠᠨ ᠰᠢᠯᠤᠭᠤᠨ ᠬᠦᠬᠡ ᠬᠤᠰᠢᠭᠤᠨ ᠳᠤ ᠬᠦᠷᠴᠦ᠂ ᠣᠶᠢᠯᠠᠭᠠᠬᠤ ᠶᠢ ᠬᠦᠰᠡᠵᠦ ᠪᠠᠶᠢᠨ᠎ᠠ︾ ᠬᠡᠯᠡ᠃ | ᠰᠢᠯᠤᠭᠤᠨ ᠬᠥᠬᠡ ᠬᠤᠰᠢᠭᠤᠨ ᠤ ᠰᠣᠶᠣᠯ ᠵᠢᠭᠤᠯᠴᠢᠯᠠᠯ ᠤᠨ ᠲᠠᠨᠢᠯᠴᠠᠭᠤᠯᠬᠤ ᠤᠬᠠᠭᠤᠯᠭ᠎ᠠ ᠶᠢᠨ ᠹᠢᠯᠢᠮ᠂ | ppt ᠲᠠᠶᠢᠯᠤᠮᠵᠢ ᠬᠢᠬᠦ ᠪᠠᠷ ᠳᠠᠮᠵᠢᠭᠤᠯᠤᠨ᠂ ᠰᠢᠯᠤᠭᠤᠨ ᠬᠥᠬᠡ ᠬᠤᠰᠢᠭᠤᠨ ᠤ ᠡᠬᠢ ᠪᠠᠶᠠᠯᠢᠭ ᠤᠨ ᠡᠬᠢ | ᠰᠤᠷᠪᠤᠯᠵᠢ᠂ ᠠᠵᠤ ᠦᠢᠯᠡᠰ ᠤᠨ ᠰᠠᠭᠤᠷᠢ᠂ ᠬᠥᠭᠵᠢᠯᠲᠡ ᠶᠢᠨ ᠳᠠᠪᠠᠭᠤᠯᠢᠭ᠂ ᠬᠤᠳᠠᠯᠳᠤᠭ᠎ᠠ ᠡᠵᠡᠩᠨᠡᠬᠦ ᠣᠷᠴᠢᠨ | ᠪᠠ ᠯᠤᠲᠤ ᠶᠡᠭᠡ ᠳᠠᠯᠳᠠ ᠬᠦᠴᠦᠨ ᠢ ᠪᠦᠬᠦ ᠲᠠᠯ᠎ᠠ ᠪᠠᠷ ᠳᠡᠯᠭᠡᠨ ᠦᠵᠡᠭᠦᠯᠵᠡᠶ᠃ | ᠠᠷᠠᠯᠵᠢᠶᠠᠴᠢᠨ ᠤᠷᠢᠵᠤ ᠵᠥᠪᠳᠡᠯᠴᠡᠬᠦ ᠪᠠ ᠭᠡᠷ᠎ᠡ ᠲᠣᠭᠲᠠᠬᠤ ᠲᠠᠯ᠎ᠠ ᠪᠠᠷ᠂ ᠰᠢᠯᠤᠭᠤᠨ ᠬᠥᠬᠡ ᠬᠤᠰᠢᠭᠤ | ᠥᠪᠡᠷᠮᠢᠴᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠮᠠᠰᠢ ᠣᠯᠠᠨ ᠠᠵᠤ | ᠠᠬᠤᠶᠢᠯᠠᠯ ᠤᠨ ᠠᠩᠬᠠᠷᠤᠯ ᠢ ᠲᠠᠲᠠᠪᠠ᠃ ᠬᠤᠸᠠ ᠴᠧᠩ ᠣᠯᠠᠨ ᠤᠯᠤᠰ ᠤᠨ ᠵᠢᠭᠤᠯᠴᠢᠯᠠᠯ ᠤᠨ ᠪᠦᠯᠦᠭᠯᠡᠯ ᠤᠨ | ᠬᠢᠵᠠᠭᠠᠷᠲᠤ ᠺᠣᠮᠫᠠᠨᠢ᠂ ᠱᠧᠩ ᠶᠤᠸᠠᠨ ᠯᠣᠤ ᠵᠢᠶᠦ᠋ᠨ ᠲᠠᠩ ( ᠴᠢᠩᠳᠣᠤ ) ᠠᠮᠢᠳᠤ ᠪᠣᠳᠠᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠰᠠ ᠶᠠ ᠽᠢ ᠰᠣᠶᠣᠯ ᠤᠨ | ᠬᠦᠭᠵᠢᠬᠦᠯᠦᠯᠳᠡ ᠶᠢᠨ ᠬᠢᠵᠠᠭᠠᠷᠲᠤ ᠺᠣᠮᠫᠠᠨᠢ᠂ ᠪᠡᠭᠡᠵᠢᠩ ᠤᠨ ᠵᠥᠩ ᠯᠢᠶᠠᠨ ᠬᠠᠩ ᠪᠠᠯᠠ ᠣᠷᠣᠭᠤᠯᠤᠯᠲᠠ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠭᠧ ᠬᠤᠸᠠ ᠵᠢᠷᠤᠭ ᠲᠥᠯᠥᠪᠯᠡᠭᠡᠨ ᠤ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠤᠮᠠᠷᠠᠲᠤ ᠶᠢᠨ ᠬᠢᠨᠠᠨ ᠰᠣᠩᠭᠤᠬᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ | ᠺᠣᠮᠫᠠᠨᠢ ᠵᠡᠷᠭᠡ 14 ᠠᠵᠤ ᠠᠬᠤᠶᠢᠯᠠᠯ ᠰᠢᠯᠤᠭᠤᠨ ᠬᠥᠬᠡ ᠬᠤᠰᠢᠭᠤᠨ ᠳᠤ ᠬᠠᠮᠳᠤᠷᠠᠯᠴᠠᠵᠤ᠂ ᠰᠣᠶᠣᠯ | ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ᠂ ᠵᠤᠭᠠᠴᠠᠭᠰᠠᠳ ᠢ ᠣᠷᠣᠭᠤᠯᠤᠨ ᠠᠪᠴᠢᠷᠠᠬᠤ᠂ ᠠᠵᠤ ᠦᠶᠯᠡᠰ ᠤᠨ | ᠪᠠᠯᠠ ᠣᠷᠣᠭᠤᠯᠤᠯᠲᠠ᠂ ᠬᠤᠲᠠ ᠶᠢᠨ ᠳᠦᠷᠢ ᠲᠥᠷᠬᠦ ᠶᠢᠨ ᠣᠯᠠᠨ ᠤᠯᠤᠰ ᠤᠨ ᠳᠠᠮᠵᠢᠭᠤᠯᠭ᠎ᠠ ᠵᠡᠷᠭᠡ ᠣᠯᠠᠨ | ᠬᠦᠷᠢᠶᠡᠨ ᠤ ᠲᠣᠭᠤᠷᠢᠨ ᠳᠤ ᠬᠠᠮᠲᠤᠷᠠᠯᠴᠠᠭᠠᠨ ᠤ ᠰᠠᠨᠠᠮᠵᠢ ᠲᠣᠭᠲᠠᠵᠤ᠂ ᠠᠯᠢ ᠣᠯᠠᠨ ᠬᠠᠮᠲᠤᠷᠠᠯᠴᠠᠭᠠᠨ ᠤ | ᠵᠥᠪᠯᠡᠯᠴᠡᠭᠡᠷ ᠲᠣᠭᠲᠠᠵᠤ᠂ ᠰᠢᠯᠤᠭᠤᠨ ᠬᠥᠬᠡ ᠬᠤᠰᠢᠭᠤᠨ ᠤ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ | ᠳᠤ ᠬᠦᠴᠦᠷᠬᠡᠭ ᠶᠡᠭᠡ ᠬᠥᠳᠡᠯᠭᠡᠬᠦ ᠬᠥᠴᠥᠨ ᠨᠡᠮᠡᠷᠢᠯᠡᠪᠡ᠃ | ᠬᠤᠪᠢᠯᠠᠶ ᠺᠢᠨᠤ᠋ ᠶᠢᠨ ᠲᠣᠠᠠᠯᠬᠠᠴᠢ ᠰᠣᠷᠣᠶ᠎ᠠ᠄ ︽ᠰᠢᠯᠤᠭᠤᠨ ᠬᠥᠬᠡ ᠬᠤᠰᠢᠭᠤ ᠪᠣᠯ ᠮᠢᠨᠦ ᠬᠤᠪᠢ | ᠢᠷᠥᠭᠡᠯ ᠲᠠᠢ ᠭᠠᠵᠠᠷ᠂ ᠤᠴᠢᠷ ᠨᠢ ᠮᠢᠨᠦ ᠬᠠᠮᠤᠭ ᠠᠩᠬᠠᠨ ᠤ ᠲᠣᠭᠯᠠᠭᠰᠠᠨᠲ᠋ᠧᠯᠸᠢᠰ ᠵᠦᠴᠦᠭᠡ ᠶᠢ ᠰᠢᠯᠤᠭᠤᠨ | ᠬᠥᠬᠡ ᠬᠤᠰᠢᠭᠤᠨ ᠳᠤ ᠰᠡᠬᠦᠳᠡᠷᠯᠡᠭᠰᠡᠨ᠂ ᠣᠯᠠᠨ ᠢᠶᠠᠷ ᠢᠶᠠᠨ ᠰᠢᠯᠤᠭᠤᠨ ᠬᠥᠬᠡ ᠬᠤᠰᠢᠭᠤᠨ ᠤ ᠲᠧᠯᠸᠢᠰ | ᠵᠦᠴᠦᠭᠡ ᠰᠡᠭᠦᠳᠡᠷᠯᠡᠬᠦ ᠭᠠᠵᠠᠷ ᠳᠤ ᠣᠴᠢᠵᠦ ᠦᠵᠡᠬᠦ ᠶᠢ ᠬᠦᠰᠡᠵᠦ ᠪᠠᠶᠢᠨ᠎ᠠ︾ ᠬᠡᠯᠡ᠃ | ᠰᠢᠯᠤᠭᠤᠨ ᠬᠥᠬᠡ ᠬᠤᠰᠢᠭᠤᠨ ᠤ ᠨᠠᠷᠠᠲᠤ ᠲᠡᠮᠳᠡᠭᠳᠦ ᠴᠠᠭᠠᠨ ᠢᠳᠡᠭᠡᠨ ᠤ ᠰᠣᠶᠣᠯ ᠤᠨ ᠣᠯᠠᠮᠵᠢᠯᠠᠬᠴᠢ | ᠲᠣᠭᠤ ᠲᠤᠬᠠᠶ ᠶᠢᠨ ᠲᠠᠯᠠᠪᠠᠶ ᠳᠤ ᠤᠯᠠᠮᠵᠢᠯᠠᠯᠳᠤ ᠬᠤᠷᠤᠳ ᠬᠢᠬᠦ ᠤᠷ᠎ᠠ ᠮᠡᠷᠭᠡᠵᠢᠯ ᠢᠶᠠᠨ ᠬᠠᠷᠠᠭᠤᠯᠵᠤ᠂ ᠰᠢ ᠪᠸᠢ | ᠪᠦᠯᠦᠭᠯᠡᠯ ᠤᠨ ᠲᠣᠭᠤᠭᠠᠴᠢ ᠶᠢᠨ ᠴᠠᠭᠠᠨ ᠢᠳᠡᠭᠡᠨ ᠤ ᠪᠦᠲᠦᠭᠡᠯᠴᠢ ᠰᠡᠳᠬᠢᠮᠵᠢ ᠶᠢ ᠨᠠᠷᠢᠯᠢᠭ ᠡᠭᠦᠳᠴᠦ᠂ | ᠤᠯᠠᠮᠵᠢᠯᠠᠯᠲᠤ ᠪᠠᠣᠲᠣ ᠦᠶ᠎ᠡ ᠶᠢᠨ ᠠᠭᠤᠰᠣᠯᠴᠠᠯ ᠬᠠᠷᠠᠭᠤᠯᠵᠤ ᠴᠢᠳ᠋ᠬᠠᠰᠠᠠ ᠠᠮᠳᠠᠳᠤ ᠢᠳᠡᠭᠡᠨ ᠨᠢ ᠬᠥᠮᠦᠰ ᠲᠤ | ᠴᠣ ᠰᠢᠨ᠎ᠡ ᠲᠦᠷᠦᠭᠳᠡᠯ ᠣᠯᠭᠤᠵᠠᠢ᠃ ᠰᠢᠯᠤᠭᠤᠨ ᠬᠦᠬᠡ ᠬᠤᠰᠢᠭᠤᠨ ᠤ ᠰᠠᠶᠢᠨ ᠲᠠᠷᠢᠶᠠᠯᠠᠩ ᠮᠠᠯ ᠠᠵᠤ | ᠠᠬᠤᠶ ᠶᠢᠨ ᠬᠢᠵᠠᠭᠠᠷᠲᠤ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠤᠯᠠᠨ ᠰᠢᠷᠭ᠎ᠠ ᠳᠠᠭ᠎ᠠ ᠶᠢᠨ ᠮᠠᠩᠬᠠᠨ ᠤ | ᠦᠬᠡᠷ ᠬᠤᠨᠢᠨ ᠮᠢᠬ᠎ᠠ ᠴᠦ ᠦᠨᠤᠷ ᠠᠮᠳᠠ ᠪᠠᠷ ᠪᠠᠨ ᠤᠨᠴᠠᠯᠢᠠᠠᠳᠠᠵᠤ ᠪᠦᠬᠦ ᠲᠠᠯᠠᠪᠠᠶ ᠶᠢᠨ ᠬᠦᠮᠦᠰ ᠤᠨ ᠠᠩᠬᠠᠷᠤᠯ | ᠳᠤ ᠬᠥᠷᠴᠠᠢ᠃ ᠡᠬᠦᠨ ᠠᠴᠠ ᠭᠠᠳᠠᠨ᠎ᠠ ᠮᠣᠩᠭᠤᠯ ᠬᠡᠷ ᠲᠤ᠂ ᠮᠣᠩᠭᠤᠯ ᠦᠨᠳᠦᠰᠦᠲᠡᠨ ᠤ ᠮᠥᠩᠭᠦᠨ ᠡᠳ᠋ᠯᠡᠯ᠂ | ᠮᠣᠳᠣᠨ ᠰᠡᠶᠢᠯᠦᠮᠡᠯ᠂ ᠡᠯᠡᠰᠦᠨ ᠵᠢᠷᠤᠭ᠂ ᠲᠣᠯᠣᠭᠠᠶ ᠶᠢᠨ ᠵᠠᠰᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ | ᠭᠠᠷ ᠤᠷᠠᠯᠠᠯ ᠤᠨ ᠪᠦᠲᠦᠭᠡᠭᠳᠡᠬᠦᠨ ᠬᠢᠭᠡᠳ ᠴᠠᠭᠠᠨ ᠢᠳᠡᠭᠡ᠂ ᠦᠬᠡᠷ ᠬᠤᠨᠢᠨ ᠮᠢᠬ᠎ᠠ ᠵᠡᠷᠭᠡ ᠤᠨᠴᠠᠯᠢᠭᠳᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠵᠣᠴᠢᠳᠲ᠋ᠦ ᠪᠠᠷᠠᠭ᠎ᠠ ᠰᠣᠩᠭᠤᠬᠤ | ᠲᠠᠪᠴᠠᠩ ᠬᠠᠩᠭᠠᠵᠦ᠂ ᠰᠣᠶᠣᠯ ᠤᠨ ᠣᠶᠢᠯᠠᠭᠠᠯᠲᠠ ᠬᠢᠭᠡᠳ ᠠᠵᠤ ᠦᠶᠯᠡᠰ ᠤᠨ ᠳᠡᠯᠭᠡᠨ ᠪᠣᠷᠣᠯᠠᠭᠤᠯᠤᠯᠲᠠ ᠶᠢᠨ | ᠭᠦᠨᠵᠡᠭᠡᠶ ᠠᠭᠤᠰᠤᠯᠴᠠᠯ ᠢ ᠪᠡᠶᠡᠯᠡᠬᠦᠯᠵᠡᠢ᠃ | ᠵᠢᠭᠤᠯᠴᠢᠨ ᠰᠢᠩ ᠠᠨ ᠮᠣᠩᠭᠤᠯ ᠦᠨᠳᠦᠰᠦᠲᠡᠨ ᠤ ᠮᠥᠩᠭᠦᠨ ᠡᠳ᠋ᠯᠡᠯ ᠢ ᠦᠵᠡᠭᠡᠳ᠄ ︽ᠠᠯᠳᠠᠩᠬᠤᠸ᠎ᠠ | ᠶᠢᠨ ᠲᠠᠯ᠎ᠠ ᠨᠤᠲᠤᠭ ᠨᠠᠳᠠ ᠳᠤ ᠮᠠᠰᠢ ᠭᠦᠨ ᠰᠠᠭᠤᠭᠳᠠᠯ ᠦᠯᠡᠳᠡᠭᠡᠵᠡᠶ᠂ ᠥᠨᠥᠳᠦᠷ ᠡᠨᠡ ᠠᠪᠤᠭᠠᠢ ᠶᠢᠨ ᠭᠠᠷ | ᠤᠷᠠᠯᠠᠯ ᠤᠨ ᠪᠦᠲᠦᠭᠡᠯ ᠢ ᠦᠵᠡᠭᠡᠳ᠂ ᠮᠠᠰᠢ ᠤᠷᠠᠨ ᠭᠠᠶᠢᠬᠠᠮᠰᠢᠭᠲᠠᠶ ᠰᠠᠨ᠋ᠬᠠᠳᠠᠯᠠ᠂ ᠭᠠᠷ ᠤᠷᠠᠯᠠᠯ ᠤᠨ ᠠᠵᠢᠯᠲᠠᠨ | ᠦᠨᠡᠨ ᠳᠡᠭᠡᠨ ᠤᠷᠠᠯᠢᠭᠴᠢᠨ ᠶᠤᠮ ︾ ᠬᠡᠯᠡ᠃ | ᠠᠵᠢᠯᠯᠠᠭ᠎ᠠ ᠨᠢ ᠪᠠᠰᠠ ᠳᠤᠮᠳᠠᠳᠤ ᠤᠯᠤᠰ ᠤᠨ ᠰᠦᠯᠵᠢᠶ᠎ᠡ ᠲᠠᠢ ᠬᠠᠮᠲᠤᠷᠠᠨ᠂ ᠸᠢᠳᠢᠣ᠋ ᠳ᠋ᠤᠭᠠᠷ ᠤᠨ | ᠰᠢᠭᠤᠳ ᠨᠡᠪᠲᠡᠷᠡᠭᠦᠯᠭᠡ ᠶᠢᠨ ᠬᠡᠯᠪᠡᠷᠢ ᠪᠠᠷ ᠳᠠᠮᠵᠢᠭᠤᠯᠤᠨ᠂ ᠲᠤᠬᠠᠶ ᠶᠢᠨ ᠲᠠᠯᠠᠪᠠᠶ ᠶᠢᠨ ᠭᠤᠶᠢᠳᠠ ᠰᠠᠶᠢᠬᠠᠨ ᠭᠱᠠᠨ | ᠪᠠ ᠰᠢᠯᠤᠭᠤᠨ ᠬᠥᠬᠡ ᠬᠤᠰᠢᠭᠤᠨ ᠤ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠥᠷᠭᠡᠨ ᠣᠯᠠᠨ ᠰᠦᠯᠵᠢᠶᠡᠴᠢᠳ | ᠲᠤ ᠬᠠᠷᠠᠭᠤᠯᠤᠠᠠᠰᠠᠠ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠭᠰᠡᠨ ᠨᠢ ᠰᠢᠯᠤᠭᠤᠨ ᠬᠥᠬᠡ ᠬᠤᠰᠢᠭᠤᠨ ᠤ | ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ | ᠤᠨ ᠲᠠᠲᠠᠬᠤ ᠬᠦᠴᠦᠨ ᠢ ᠴᠢᠩᠭᠠᠷᠠᠭᠤᠯᠵᠤ᠂ ᠨᠠᠩ ᠴᠤ ︽ᠰᠣᠶᠣᠯ ᠢᠶᠠᠷ ᠲᠠᠪᠴᠠᠩ ᠪᠣᠯᠭᠠᠵᠤ᠂ ᠠᠵᠤ ᠦᠶᠯᠡᠰ | ᠢᠶᠠᠷ ᠲᠠᠶᠢᠴᠢᠯᠠᠬᠤ ︾ ᠰᠢᠨ᠎ᠡ ᠶᠢ ᠡᠭᠦᠳᠬᠦ ᠵᠠᠭᠪᠤᠷ ᠢᠶᠠᠷ ᠰᠢᠯᠤᠭᠤᠨ ᠬᠥᠬᠡ ᠬᠤᠰᠢᠭᠤᠨ ᠤ ᠰᠣᠶᠣᠯ ᠵᠢᠭᠤᠯᠴᠢᠯᠠᠯ | ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠪᠡ᠃ | |