ᠰᠢᠯᠤᠭᠤᠨ ᠬᠦᠬᠡ ᠬᠤᠰᠢᠭᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠲᠠᠯ᠎ᠠ  ᠪᠠᠷ  ᠢᠯᠡᠷᠭᠡᠢ ᠦᠷ᠎ᠡ  ᠪᠦᠲᠦᠮᠵᠢ  ᠤᠯᠪᠠ
ᠨᠡᠶᠢᠲᠡᠯᠡᠭᠰᠡᠨ ᠴᠠᠭ᠄
2025/6/16
       ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ ᠰᠢᠯᠤᠭᠤᠨ ᠬᠥᠬᠡ ᠬᠤᠰᠢᠭᠤ ᠠᠮᠢ ᠠᠬᠤᠶ ᠶᠢᠨ ᠵᠠᠰᠠᠯᠲᠠ ᠶᠢ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠭᠤᠤᠯ ᠡᠭᠦᠷᠭᠡ ᠪᠣᠯᠭᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠰᠠᠶᠢᠳᠤᠷ ᠠᠬᠢᠭᠤᠯᠵᠤ ᠪᠤᠢ᠃ ᠡᠨᠡᠬᠦ ᠢᠨᠵᠧᠨ᠋ᠷᠢᠩ ᠢ ᠪᠦᠲᠦᠮᠵᠢᠳᠠᠢ ᠠᠬᠢᠭᠤᠯᠬᠤ ᠪᠠᠷ ᠳᠠᠮᠵᠢᠭᠤᠯᠤᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠦᠷᠭᠦᠯᠵᠢᠯᠡᠨ ︽ᠬᠤᠤᠰ ᠨᠡᠮᠡᠭᠳᠡᠯ︾ ᠢ ᠪᠡᠶᠡᠯᠡᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠪᠤᠯᠤᠨ ᠡᠯᠡᠰᠦᠷᠬᠡᠭᠵᠢᠭᠰᠡᠨ ᠬᠡᠮᠵᠢᠶ᠎ᠡ ᠦᠷᠭᠦᠯᠵᠢᠯᠡᠨ ᠬᠠᠰᠤᠭᠳᠠᠵᠤ᠂ ᠠᠮᠢ ᠠᠬᠤᠶ ᠶᠢᠨ ᠵᠠᠰᠠᠯᠲᠠ ᠢᠯᠡᠳᠲᠡ ᠦᠷ᠎ᠡ ᠪᠦᠲᠦᠮᠵᠢ ᠲᠠᠢ ᠪᠤᠯᠤᠭᠰᠠᠨ ᠪᠠᠶᠢᠨ᠎ᠠ᠃        ᠤᠶᠢᠷ᠎ᠠ ᠳᠤ᠂ ᠰᠤᠷᠪᠤᠯᠵᠢᠯᠠᠭᠴᠢ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠤᠪᠴᠢᠶᠠᠨ ᠤ ᠠᠵᠢᠯᠲᠠᠳ ᠤᠨ ᠬᠠᠮᠳᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠯᠠᠪᠠᠢ ᠳᠤ ᠬᠦᠷᠴᠦ᠂ ᠠᠮᠢ ᠠᠬᠤᠶ ᠶᠢ ᠵᠠᠰᠠᠨ ᠰᠡᠷᠭᠦᠭᠡᠬᠦ ᠠᠵᠢᠯ ᠤᠨ ᠲᠤᠬᠠᠢ ᠰᠤᠷᠪᠤᠯᠵᠢᠯᠠᠨ ᠤᠶᠢᠯᠠᠭᠠᠭᠰᠠᠨ ᠪᠢᠯᠡ᠃       ᠰᠢᠯᠤᠭᠤᠨ ᠬᠥᠬᠡ ᠬᠤᠰᠢᠭᠤᠨ ᠤ ᠬᠤᠸᠠᠩᠴᠢ ᠭᠠᠴᠠᠭᠠᠨ ᠤ ᠡᠯᠡᠰᠦᠷᠬᠡᠭ ᠭᠠᠵᠠᠷ ᠢ ᠵᠠᠰᠠᠬᠤ ᠲᠠᠯᠠᠪᠠᠶ ᠳᠤ ᠮᠧᠩ ᠼᠤᠤ ᠠᠮᠢ ᠠᠬᠤᠶ ᠣᠷᠴᠢᠨ ᠲᠣᠭᠤᠷᠢᠨ ︵ᠪᠦᠯᠦᠭᠯᠡᠯ︶ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ  ᠶᠢᠨ ᠠᠵᠢᠯᠴᠢᠳ ᠪᠡᠯᠴᠢᠭᠡᠷ ᠤᠨ ᠠᠮᠢ ᠠᠬᠤᠶ ᠶᠢᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠬᠦ ᠪᠠᠷ ᠮᠠᠰᠢᠨ ᠲᠦᠭᠦᠭᠡᠷᠦᠮᠵᠢ ᠪᠠᠨ ᠠᠵᠢᠯᠯᠠᠭᠤᠯᠤᠨ᠂ ᠠᠽᠣᠲ᠂ ᠹᠣᠰᠹᠣᠷ᠂ ᠺᠠᠯᠢ ᠡᠯᠪᠡᠭ ᠠᠭᠤᠯᠤᠭᠳᠠᠬᠤ ᠣᠷᠭᠠᠨᠢᠭ ᠪᠣᠷᠳᠣᠭᠤᠷ  ᠢ ᠪᠡᠯᠴᠢᠭᠡᠷ ᠳᠡᠭᠡᠷ᠎ᠡ ᠰᠠᠴᠤᠵᠤ᠂ ᠬᠦᠷᠦᠰᠦᠨ ᠳᠤ ᠰᠢᠮ᠎ᠡ ᠳᠡᠵᠢᠭᠡᠯ ᠨᠥᠬᠦᠪᠥᠷᠢᠯᠡᠵᠦ ᠪᠠᠶᠢᠯ᠎ᠠ᠃        ᠡᠨᠡᠬᠦ ᠲᠥᠷᠥᠯ ᠵᠦᠶᠯ ᠤᠨ ᠬᠠᠷᠢᠭᠤᠴᠠᠯᠭᠠᠳᠠᠨ ᠯᠢ ᠵᠢᠶᠠᠩ ᠬᠡᠯᠡᠬᠦ ᠳᠡᠭᠡᠨ᠄ ︽ᠡᠨᠡ ᠭᠡᠰᠡᠭ ᠪᠤᠯ ᠤᠮᠠᠷᠠᠲᠤ  ᠶᠢᠨ ᠭᠤᠷᠪᠠᠨ ᠣᠷᠣᠨ ᠤ ᠴᠢᠭᠢᠭᠯᠢᠭ ᠨᠤᠭᠤ ᠭᠠᠵᠠᠷ ᠤᠨ ᠰᠢᠯᠤᠭᠤᠨ ᠬᠥᠬᠡ ᠬᠤᠰᠢᠭᠤᠨ ᠤ 2024 ᠣᠨ ᠤ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠬᠤᠶᠠᠳᠤᠭᠠᠷ ᠪᠦᠯᠦᠭ ᠢᠨᠵᠧᠨ᠋ᠷᠢᠩ ᠪᠤᠯᠤᠨ᠎ᠠ᠃ ᠨᠡᠶᠢᠳᠡ 5.4 ᠲᠦᠮᠡᠨ ᠲᠣᠨ ᠤᠷᠭᠠᠨᠢᠭ ᠪᠤᠷᠳᠤᠭᠤᠷ ᠢ ᠮᠤ᠋ ᠪᠦᠷᠢ ᠳᠤ 800 kg ᠤᠨ ᠬᠡᠮᠵᠢᠶ᠎ᠡ ᠪᠠᠷ 6.7 ᠲᠦᠮᠡᠨ ᠮᠥ ᠳᠠᠯᠠᠪᠠᠢ ᠳᠤ ᠰᠠᠴᠤᠵᠤ᠂ ᠠᠮᠢ ᠠᠬᠤᠶ ᠶᠢ ᠵᠠᠰᠠᠨ ᠰᠡᠷᠭᠦᠭᠡᠬᠦ ᠪᠠᠷ ᠪᠤᠢ︾ ᠭᠡᠯ᠎ᠡ᠃        ᠰᠠᠩ ᠤᠨ ᠲᠡᠯᠡᠶ ᠪᠠᠯᠭᠠᠰᠤᠨ ᠤ ᠴᠠᠶᠢᠳᠠᠮ ᠭᠠᠴᠠᠭᠠᠨ ᠤ ᠡᠯᠡᠰᠦ ᠶᠢ ᠵᠠᠰᠠᠬᠤ ᠢᠨᠵᠧᠨ᠋ᠷᠢᠩ ᠤᠨ ᠲᠦᠷᠦᠯ ᠵᠦᠢᠯ ᠤᠨ ᠳᠤᠭᠤᠷᠢᠭ ᠲᠤ ᠡᠯᠡᠰᠦ ᠶᠢ ᠵᠠᠰᠠᠬᠤ ᠠᠵᠢᠯᠴᠢᠳ ᠰᠢᠷ᠎ᠠ ᠪᠤᠷᠭᠠᠰᠤ ᠳᠠᠷᠢᠵᠦ᠂ ᠡᠯᠡᠰᠦᠨ ᠬᠠᠯᠬᠠᠪᠴᠢ ᠳᠠᠷᠤᠵᠤ ᠪᠠᠶᠢᠯ᠎ᠠ᠃       ᠰᠢᠯᠤᠭᠤᠨ ᠬᠥᠬᠡ ᠬᠤᠰᠢᠭᠤ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠡᠯᠡᠰᠦᠷᠬᠡᠭ ᠭᠠᠵᠠᠷ ᠤᠨ ᠲᠥᠷᠥᠯ ᠳᠤ ᠴᠢᠭᠯᠡᠭᠦᠯᠦᠨ ᠪᠤᠳᠠᠳᠠᠢ ᠠᠷᠭ᠎ᠠ ᠬᠡᠮᠵᠢᠶ᠎ᠡ ᠶᠢ ᠲᠤᠭᠤᠰᠢᠳᠠᠢ ᠬᠡᠷᠡᠭᠵᠢᠬᠦᠯᠵᠦ ᠪᠤᠢ᠃ ᠳᠠᠪᠦ‍ ᠨᠢᠭᠡ ᠮᠠᠯᠵᠢᠯ ᠤᠨ ᠲᠠᠯᠠᠪᠠᠢ ᠶᠢᠨ ᠲᠠᠪᠤᠳᠤᠭᠠᠷ ᠬᠤᠪᠢᠶᠠᠷᠢ ᠲᠠᠯᠠᠪᠠᠢ ᠳᠤ ᠰᠢᠷ᠎ᠠ ᠪᠤᠷᠭᠠᠰᠤ ᠪᠠᠷ ᠡᠯᠡᠰᠦᠨ ᠬᠠᠯᠬᠠᠪᠴᠢ ᠳᠠᠷᠤᠵᠤ ᠬᠠᠷᠠᠭᠠᠨ᠎ᠠ᠂ ᠲᠤᠷᠯᠤᠭ ᠵᠡᠷᠭᠡ ᠭᠠᠩ ᠳᠤ ᠳᠡᠰᠪᠦᠷᠢᠳᠡᠢ ᠤᠷᠭᠤᠮᠠᠯ ᠳᠠᠷᠢᠭᠰᠠᠨ ᠨᠢ ᠤᠳᠤ ᠪᠤᠯᠬᠤ ᠳᠤ ᠡᠳᠡᠭᠡᠷᠡᠯᠲᠡ ᠶᠢᠨ ᠨᠣᠷᠮ᠎ᠠ ᠨᠢ 90% ᠠᠴᠠ ᠳᠡᠭᠡᠭᠰᠢ ᠳᠤ ᠬᠦᠷᠴᠦ᠂ ᠠᠮᠢ ᠠᠬᠤᠢ ᠶᠢᠨ ᠬᠠᠯᠬᠠᠪᠴᠢ ᠶᠢ ᠪᠦᠷᠢᠯᠳᠦᠭᠦᠯᠦᠭᠰᠡᠨ ᠪᠠᠶᠢᠨ᠎ᠠ᠃ ᠰᠠᠩ ᠤᠨ ᠲᠡᠯᠡᠶ ᠪᠠᠯᠭᠠᠰᠤᠨ ᠤ ᠡᠷᠳᠡᠨᠢᠳᠠᠯᠠᠶ ᠭᠠᠴᠠᠭ᠎ᠠ ᠨᠢ ᠡᠯᠡᠰᠦᠷᠬᠡᠭᠵᠢᠭᠰᠡᠨ ᠪᠡᠯᠴᠢᠭᠡᠷ ᠢ ᠬᠦᠷᠢᠶᠡᠯᠡᠨ ᠪᠢᠲᠡᠭᠦᠮᠵᠢᠯᠡᠵᠦ᠂ ᠠᠶᠠᠨᠳᠠᠭᠠᠨ ᠰᠡᠷᠭᠦᠭᠡᠬᠦ ᠪᠠ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ ᠲᠠᠢ ᠤᠶᠠᠯᠳᠤᠭᠤᠯᠤᠨ᠂ ᠣᠯᠠᠨ ᠵᠦᠶᠯ ᠤᠨ ᠡᠯᠡᠰᠦᠨ ᠬᠠᠯᠬᠠᠪᠴᠢ ᠶᠢᠨ ᠵᠠᠭᠪᠤᠷ ᠢᠶᠠᠷ ᠡᠯᠡᠰᠦ ᠶᠢ ᠲᠣᠭᠲᠠᠪᠤᠷᠢᠵᠢᠭᠤᠯᠬᠤ ᠴᠢᠳᠠᠮᠵᠢ ᠶᠢ ᠳᠡᠭᠡᠭᠰᠢᠯᠡᠭᠦᠯᠵᠡᠢ᠃ ᠭᠠᠩᠭᠠᠩᠳᠠᠯ᠎ᠠ ᠭᠠᠴᠠᠭ᠎ᠠ ᠰᠢᠯᠤᠭᠤᠨ ᠬᠥᠬᠡ ᠬᠤᠰᠢᠭᠤᠨ ᠤ ᠣᠢ ᠰᠢᠭᠤᠢ ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠣᠭᠴᠠᠵᠢᠭᠤᠯᠤᠨ ᠰᠡᠷᠭᠦᠭᠡᠬᠦ ᠲᠥᠷᠥᠯ ᠵᠦᠢᠯ ᠤᠨ ᠪᠤᠳᠠᠯᠢᠭ ᠤᠷᠭᠤᠮᠠᠯ ᠢ ᠬᠠᠳᠤᠵᠤ ᠵᠠᠰᠠᠬᠤ ᠲᠣᠭᠤᠷᠢᠭ ᠪᠣᠯᠤᠭᠰᠠᠨ ᠤ ᠬᠤᠪᠢ ᠳᠤ᠂ ︽ᠠᠵᠤ ᠠᠬᠤᠶᠢᠯᠠᠯ + ᠬᠠᠮᠲᠤ ᠶᠢᠨ ᠠᠵᠤ ᠠᠬᠤᠢ ᠶᠢᠨ ᠬᠤᠷᠰᠢᠶᠠᠵᠢᠯ + ᠮᠠᠯᠵᠢᠬᠤ ᠡᠷᠦᠬᠡ︾ ᠶᠢᠨ ᠵᠠᠭᠪᠤᠷ ᠢ ᠭᠡᠷᠡᠭᠵᠢᠬᠦᠯᠵᠦ᠂ ᠨᠡᠶᠢᠳᠡ 33.97 ᠲᠦᠮᠡᠨ ᠲᠥᠭᠦᠷᠢᠭ ᠤᠨ ᠪᠡᠯᠡ ᠤᠷᠤᠭᠤᠯᠤᠨ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠵᠦ᠂ ᠮᠠᠯᠵᠢᠬᠤ ᠡᠷᠦᠬᠡ ᠳᠤ ᠠᠰᠢᠭ ᠬᠦᠷᠳᠡᠭᠡᠭᠰᠡᠨ ᠪᠠᠶᠢᠨ᠎ᠠ᠃       ᠪᠤᠱᠤᠤᠳᠠᠢ ᠰᠤᠮᠤᠨ ᠤ ᠠᠮᠪᠠᠨ ᠰᠢᠷ᠎ᠠ ᠭᠠᠴᠠᠭᠠᠨ ᠳᠤ᠂ 5.1 ᠲᠦᠮᠡᠨ ᠮᠦ ᠡᠯᠡᠰᠦ ᠶᠢ ᠵᠠᠰᠠᠬᠤ ᠪᠣᠯᠤᠨ ᠰᠠᠯᠬᠢ ᠭᠡᠷᠡᠯ ᠴᠠᠬᠢᠯᠭᠠᠨ ᠢ ᠨᠢᠭᠡ ᠴᠤᠬᠴᠠᠵᠢᠭᠤᠯᠬᠤ ᠢᠨᠵᠧᠨᠧᠷᠢᠩ ᠢ ᠵᠡᠷᠭᠡ ᠳᠤᠨᠢ ᠠᠬᠢᠭᠤᠯᠵᠤ᠂ ᠲᠣᠣᠷᠯᠠᠵᠤ ᠪᠢᠳᠡᠭᠦᠮᠵᠢᠯᠡᠬᠦ᠂ ᠨᠥᠬᠦᠵᠦ ᠲᠠᠷᠢᠨ ᠪᠤᠷᠳᠤᠭᠤᠷ ᠣᠷᠣᠭᠤᠯᠬᠤ᠂ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠤᠯᠠᠨ ᠠᠷᠭ᠎ᠠ ᠬᠡᠮᠵᠢᠶ᠎ᠡ ᠶᠢ ᠭᠡᠷᠡᠭᠵᠢᠬᠦᠯᠦᠨ ᠢᠯᠡᠳᠳᠡ ᠦᠷ᠎ᠡ ᠪᠦᠲᠦᠮᠵᠢ ᠤᠯᠵᠠᠢ᠃ ︽ᠡᠨᠡᠬᠦ ᠢᠨᠵᠧᠨᠧᠷᠢᠩ ᠨᠢ ᠮᠠᠨ ᠤ ᠭᠠᠴᠠᠭᠠᠨ ᠤ 58 ᠡᠷᠦᠬᠡ ᠶᠢᠨ 145 ᠮᠠᠯᠴᠢᠳ ᠲᠤ ᠠᠰᠢᠭ ᠬᠦᠷᠳᠡᠭᠡᠯ᠎ᠡ︾ ᠭᠡᠵᠦ ᠠᠮᠪᠠᠨ ᠰᠢᠷ᠎ᠠ ᠭᠠᠴᠠᠭᠠᠨ ᠤ ᠱᠦᠵᠢ ᠪᠢᠯᠢᠭᠲᠦ ᠶᠠᠷᠢᠯ᠎ᠠ᠃       ᠡᠯ᠎ᠡ ᠭᠠᠵᠠᠷ ᠣᠷᠣᠨ ᠪᠠᠶᠢᠳᠠᠯ ᠳᠠᠭᠠᠨ ᠲᠣᠬᠢᠷᠠᠭᠤᠯᠤᠨ ᠠᠮᠢ ᠠᠬᠤᠶ ᠶᠢ ᠵᠠᠰᠠᠨ ᠰᠠᠶᠢᠵᠢᠷᠠᠭᠤᠯᠬᠤ ᠢᠨᠵᠧᠨ᠋ᠷᠢᠩ ᠢ ᠦᠷᠨᠢᠬᠦᠯᠵᠦ᠂ ᠠᠮᠢ ᠠᠬᠤᠶ ᠶᠢᠨ ᠦᠷ᠎ᠡ ᠠᠰᠢᠭ ᠬᠢᠭᠡᠳ ᠠᠵᠤ ᠠᠬᠤᠶ ᠶᠢᠨ ᠦᠷ᠎ᠡ ᠠᠰᠢᠭ ᠤᠨ ᠬᠠᠮᠳᠤ ᠪᠠᠷ ᠬᠥᠭᠵᠢᠬᠦ ᠶᠢ ᠠᠬᠢᠭᠤᠯᠵᠤ ᠪᠤᠢ᠃       2023 ᠣᠨ ᠤ 6 ᠰᠠᠷ᠎ᠠ ᠳᠤ ᠶᠡᠷᠦᠩᠬᠡᠶ ᠱᠦᠵᠢ ᠰᠢ ᠶᠢᠨ ᠫᠢᠩ ︽ᠤᠮᠠᠷᠠᠲᠤ ᠶᠢᠨ ᠭᠤᠷᠪᠠᠨ ᠤᠷᠤᠨ︾  ᠤ ᠢᠨᠵᠧᠨᠧᠷᠢᠩ ᠢ ᠰᠠᠶᠢᠳᠤᠷ ᠬᠢᠬᠦ ᠵᠠᠷᠯᠢᠭ ᠪᠠᠭᠤᠯᠭᠠᠭᠰᠠᠨ ᠤ ᠳᠠᠷᠠᠭ᠎ᠠ᠂ ᠰᠢᠯᠤᠭᠤᠨ ᠬᠥᠬᠡ ᠬᠤᠰᠢᠭᠤ ᠳᠠᠷᠤᠢ ᠲᠦᠷᠭᠡᠨ ᠬᠦᠳᠡᠯᠦᠯᠴᠡᠨ᠂ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠵᠦ᠂ ᠪᠦᠬᠦ ᠬᠦᠴᠦᠨ ᠢᠶᠠᠷ ᠢᠶᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠭᠰᠠᠨ ᠪᠠᠶᠢᠨ᠎ᠠ᠃ 2024 ᠣᠨ ᠳᠤ ᠡᠯᠡᠰᠦ  ᠶᠢ ᠰᠡᠷᠭᠡᠶᠢᠯᠡᠨ ᠵᠠᠰᠠᠭᠰᠠᠨ ᠲᠠᠯᠠᠪᠠᠶ 82.97 ᠲᠦᠮᠡᠨ ᠮᠥ ᠳᠤ ᠬᠦᠷᠴᠦ᠂ ᠪᠥᠬᠦ ᠠᠶᠢᠮᠠᠭ ᠲᠤ ᠡᠮᠦᠨ᠎ᠡ ᠡᠩᠨᠡᠭᠡᠨ  ᠳᠤ ᠵᠢᠬᠰᠠᠵᠠᠢ᠃ 2025 ᠣᠨ ᠤ ᠲᠥᠯᠥᠪᠯᠡᠭᠡ ᠶᠢᠨ ᠬᠡᠮᠵᠢᠶ᠎ᠡ ᠳᠠᠬᠢᠨᠲᠠ ᠪᠥᠬᠦ ᠠᠶᠢᠮᠠᠭ ᠤᠨ ᠲᠡᠷᠢᠭᠦᠨ ᠳᠤ ᠣᠷᠣᠵᠤ᠂ ᠪᠥᠬᠦ ᠬᠦᠴᠦᠨ ᠢᠶᠠᠷ ᠢᠶᠠᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠬᠤᠷᠳᠤᠴᠠ ᠪᠠᠨ ᠨᠡᠮᠡᠭᠳᠡᠭᠦᠯᠦᠭᠰᠡᠨ ᠪᠠᠶᠢᠨ᠎ᠠ᠃         ᠡᠯᠡᠰᠦ ᠶᠢ ᠵᠠᠰᠠᠬᠤ ᠳᠤ ᠢᠯᠡᠷᠭᠡᠢ ᠦᠷ᠎ᠡ ᠪᠦᠲᠦᠮᠵᠢ ᠤᠯᠵᠤ᠂ ᠵᠠᠰᠠᠯᠲᠠ ᠶᠢᠨ ᠦᠷ᠎ᠡ ᠪᠦᠲᠦᠮᠵᠢ ᠪᠠᠨ ᠤᠷᠳᠤ ᠬᠤᠭᠤᠴᠠᠭᠠᠨ ᠤ ᠲᠤᠷᠰᠢ ᠪᠠᠬᠢᠵᠢᠬᠦᠯᠦᠨ ᠪᠠᠷᠢᠮᠳᠠᠯᠠᠬᠤ ᠬᠦᠷᠳᠡᠯ᠎ᠡ᠂ ᠰᠢᠯᠤᠭᠤᠨ ᠬᠦᠬᠡ ᠬᠤᠰᠢᠭᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠰᠠᠨ ᠵᠠᠰᠠᠯᠲᠠ ᠶᠢᠨ ᠠᠷᠭ᠎ᠠ ᠪᠤᠳᠤᠯᠭ᠎ᠠ ᠵᠢᠴᠢ ᠡᠯᠡᠰᠦ ᠶᠢ ᠲᠣᠭᠲᠠᠪᠤᠷᠢᠵᠢᠭᠤᠯᠬᠤ᠂ ᠠᠮᠢ ᠠᠬᠤᠢ ᠶᠢ ᠰᠡᠷᠭᠦᠭᠡᠬᠦ᠂ ᠤᠷᠭᠤᠮᠠᠯ ᠤᠨ ᠪᠦᠷᠬᠦᠴᠡ ᠶᠢ ᠠᠷᠠᠴᠢᠯᠠᠨ ᠬᠠᠮᠠᠭᠠᠯᠠᠬᠤ ᠵᠡᠷᠭᠡ ᠠᠯᠢ ᠤᠯᠠᠨ ᠨᠠᠷᠢᠨ ᠣᠨᠣᠪᠴᠢᠲᠠᠢ ᠠᠷᠭ᠎ᠠ ᠬᠡᠮᠵᠢᠶ᠎ᠡ ᠪᠠᠷ ᠨᠡᠭᠦᠳᠡᠯ ᠡᠯᠡᠰᠦ ᠦᠷᠭᠡᠵᠢᠬᠦ ᠶᠢ ᠪᠦᠲᠦᠮᠵᠢᠲᠡᠢ ᠬᠤᠷᠢᠭᠯᠠᠵᠤ᠂ ᠤᠷᠭᠤᠮᠠᠯ ᠤᠨ ᠪᠦᠷᠬᠦᠴᠡ ᠶᠢ ᠨᠡᠮᠡᠭᠳᠡᠭᠦᠯᠦᠭᠰᠡᠨ ᠪᠠᠶᠢᠨ᠎ᠠ᠃ ᠠᠮᠢ ᠠᠬᠤᠢ ᠶᠢᠨ ᠵᠠᠰᠠᠯᠲᠠ ᠶᠢᠨ ᠠᠵᠢᠯ ᠦᠷᠭᠦᠯᠵᠢᠯᠡᠨ ᠬᠦᠨᠵᠡᠭᠡᠶᠢᠷᠡᠬᠦ ᠶᠢ ᠳᠠᠭᠠᠯᠳᠤᠨ ᠰᠢᠯᠤᠭᠤᠨ ᠬᠦᠭᠡ ᠬᠤᠰᠢᠭᠤ ᠤᠮᠠᠷᠠᠲᠤ ᠶᠢᠨ ᠠᠮᠢ ᠠᠬᠤᠢ  ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠠᠷ ᠪᠦᠬᠦ ᠬᠤᠰᠢᠭᠤ ᠪᠠᠷ ᠢᠶᠠᠨ ᠰᠡᠳᠬᠢᠯ ᠨᠢᠭᠡᠳᠦᠨ ᠤᠷᠤᠭᠰᠢᠯᠠᠵᠦ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号