ᠯᠢ ᠪᠥᠸᠧ ᠹᠧᠩ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠵᠢᠯ  ᠢ  ᠪᠠᠶᠢᠴᠠᠭᠠᠨ  ᠵᠢᠭᠠᠨ  ᠵᠢᠯᠣᠭᠤᠳᠪᠠ
ᠨᠡᠶᠢᠲᠡᠯᠡᠭᠰᠡᠨ ᠴᠠᠭ᠄
2025/6/23
       6 ᠳ᠋ᠤᠭᠠᠷ ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠱᠠᠩᠳᠤ ᠪᠠᠯᠭᠠᠰᠤ᠂ ᠰᠠᠩ ᠤᠨ ᠲᠡᠯᠡᠶ ᠪᠠᠯᠭᠠᠰᠤᠨ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠵᠢᠭᠠᠨ ᠵᠢᠯᠣᠭᠤᠳᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠼᠤᠤ ᠵᠧᠨ ᠢᠣᠢ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠵᠠᠩ ᠠᠶ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃        ᠯᠢ ᠪᠥᠸᠧ ᠹᠧᠩ ᠤᠷᠢᠳ ᠬᠤᠵᠢᠳ ᠶᠠᠭ ᠪᠥᠲᠥᠭᠡᠨ ᠪᠠᠶᠢᠭᠤᠯᠵᠤ ᠪᠠᠶᠢᠭ᠎ᠠ ᠰᠠᠩ ᠤᠨ ᠲᠡᠯᠡᠶ ᠭᠠᠯᠳᠤ ᠲᠡᠷᠭᠡᠨ ᠬᠤᠶᠢᠲᠤ ᠥᠷᠲᠡᠭᠡ᠂ ᠰᠠᠩ ᠤᠨ ᠲᠡᠯᠡᠶ ᠭᠠᠯᠳᠦ ᠲᠡᠷᠭᠡᠨ ᠥᠷᠲᠡᠭᠡ᠂ ᠱᠠᠩᠳᠤ ᠭᠠᠯᠳᠤ ᠲᠡᠷᠭᠡᠨ‌ᠥᠷᠲᠡᠭᠡ  ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ  ᠶᠢᠨ ᠪᠠᠶᠢᠳᠠᠯ ᠢ ᠣᠶᠢᠯᠠᠭᠠᠵᠠᠢ᠃ ᠯᠢ ᠪᠥᠸᠧ ᠹᠧᠩ ᠴᠢᠬᠤᠯᠠᠴᠢᠯᠠᠬᠤ ᠳᠠᠭᠠᠨ᠄ ᠰᠠᠩ ᠤᠨ ᠲᠡᠯᠡᠶ ᠬᠤᠶᠢᠲᠤ ᠥᠷᠲᠡᠭᠡ᠂ ᠱᠠᠩᠳᠤ ᠥᠷᠲᠡᠭᠡ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ᠂ ᠠᠶᠣᠯᠬᠦᠢ ᠦᠶᠯᠡᠳᠪᠦᠷᠢᠯᠡᠯ ᠤᠨ ᠪᠣᠭᠤᠮᠲᠠ ᠶᠢ ᠴᠢᠩᠭ᠎ᠠ ᠠᠳᠬᠤᠭᠰᠠᠨ ᠤᠷᠢᠲᠠᠯ ᠳᠣᠤᠷ᠎ᠠ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠪᠠᠷᠢᠯᠭ᠎ᠠ ᠪᠠᠷᠢᠵᠤ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠬᠡᠳᠬᠡᠨ᠂ ᠲᠥᠷᠥᠯ ᠵᠦᠶᠯ ᠤᠨ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠬᠤ ᠶᠢ ᠠᠬᠢᠭᠤᠯᠬᠤ ᠬᠡᠷᠡᠭᠲᠡᠶ᠃ ᠠᠵᠢᠯᠴᠢᠨ ᠤ ᠬᠠᠤᠯᠢ ᠶᠣᠰᠣᠨ  ᠤ ᠡᠷᠬᠡ ᠠᠰᠢᠭ ᠢ ᠦᠨᠡᠨ ᠬᠦ ᠪᠠᠲᠤᠯᠠᠵᠤ᠂ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠥᠭᠬᠦ ᠶᠢ ᠦᠨᠡᠨ ᠬᠦ ᠪᠠᠳᠣᠯᠠᠵᠦ᠂ ᠰᠠᠩ ᠤᠨ ᠳᠠᠯᠠᠶ ᠦᠷᠳᠡᠬᠡᠨ ᠤ ᠨᠤᠷᠠᠭᠠᠵᠤ ᠨᠡᠭᠦᠯᠭᠡᠬᠦ ᠠᠬᠢᠴᠠ ᠶᠢ ᠲᠦᠷᠭᠡᠳᠬᠡᠵᠦ᠂ ᠥᠷᠲᠡᠭᠡᠨ ᠤ ᠡᠮᠦᠨᠡᠬᠢ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠰᠠᠯᠠᠭ᠎ᠠ ᠮᠥᠴᠢᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ‌‍ᠴᠢᠩᠭᠠᠳᠬᠠᠨ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠡᠷᠲᠡᠬᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠶ ᠬᠡᠯ᠎ᠡ᠃      ᠯᠢ ᠪᠥᠸᠧ ᠹᠧᠩ ᠪᠠᠶ ᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠲᠤᠬᠠᠶᠢᠯᠠᠭᠰᠠᠨ ᠠᠵᠢᠯ ᠤᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠯᠢ ᠪᠥᠸᠧ ᠹᠧᠩ ᠱᠠᠭᠠᠷᠳᠠᠬᠤ ᠳᠠᠭᠠᠨ᠄ ᠠᠵᠤ ᠠᠬᠤᠶᠢᠯᠠᠯ ᠴᠠᠭ ᠢ ᠠᠮᠵᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ  ᠶᠢᠨ ᠠᠬᠢᠴᠠ ᠪᠠᠨ ᠲᠦᠷᠬᠡᠳᠬᠡᠨ᠂ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ ᠡᠵᠡᠩᠨᠡᠬᠦ ᠪᠠᠷ ᠴᠢᠷᠮᠠᠶᠢᠬᠤ ᠬᠡᠷᠡᠭᠲᠡᠢ᠃ ᠡᠪᠡᠰᠦ ᠪᠣᠷᠳᠤᠭ᠎ᠠ ᠳᠠᠷᠢᠵᠤ ᠡᠳ᠋ᠰᠢᠭᠦᠯᠬᠦ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ᠂ ᠨᠢᠲᠤᠯᠵᠤ ᠡᠳ᠋ᠰᠢᠭᠦᠯᠬᠦ᠂ ᠠᠮᠢᠳᠤ ᠮᠠᠯ ᠤᠨ ᠠᠷᠠᠯᠵᠢᠶᠠᠨ ᠤ ᠪᠥᠬᠦ ᠠᠵᠤ ᠦᠶᠯᠡᠰ ᠤᠨ ᠬᠡᠯᠬᠢᠶ᠎ᠡ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠣᠷᠣᠨ ᠨᠤᠲᠤᠭ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠬᠡᠯ᠎ᠡ᠃       ᠯᠢ ᠪᠥᠸᠧ ᠹᠧᠩ ᠴᠢᠬᠤᠯᠠᠴᠢᠯᠬᠠᠰᠠᠠ‌ᠨᠢ᠂ ᠠᠵᠤ ᠠᠬᠤᠶᠢᠯᠠᠯ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠨᠢᠭᠡ ᠰᠡᠳᠬᠢᠯ ᠨᠢᠭᠡ ᠴᠢᠭᠯᠡᠯ ᠢᠶᠠᠷ᠂ ᠠᠮᠢ ᠠᠬᠤᠢ ᠶᠢᠨ ᠬᠠᠮᠠᠭᠠᠯᠠᠯᠲᠠ  ᠶᠢ ᠴᠢᠩᠭᠠᠥᠠᠬᠠᠨ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠵᠢᠯ ᠣᠯᠭᠤᠯᠲᠠ ᠪᠠᠷ ᠳᠠᠶᠢᠴᠢᠯᠠᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠬᠦᠯᠬᠦ ᠬᠡᠷᠡᠭᠳᠡᠢ ᠬᠡᠵᠡᠢ᠃      ᠱᠠᠩᠳᠤ ᠪᠠᠯᠭᠠᠰᠤ᠂ ᠰᠠᠩ ᠤᠨ ᠳᠠᠯᠠᠢ ᠪᠠᠯᠭᠠᠰᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ‌‍ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号