ᠲᠠᠢ ᠰᠢ ᠲᠡᠮᠦᠷ ᠵᠠᠮ ᠤᠨ ᠰᠢᠯᠤᠭᠤᠨ ᠬᠥᠬᠡ ᠬᠤᠰᠢᠭᠤᠨ ᠤ ᠭᠡᠰᠡᠭ ᠲᠠᠬᠢ ᠬᠤᠶᠠᠷ ᠦᠷᠲᠡᠭᠡᠨ ᠤ ᠪᠠᠷᠢᠯᠭ᠎ᠠ ᠶᠢᠨ ᠠᠵᠢᠯ ᠡᠷᠴᠢᠮ ᠲᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2025/6/24
        ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠠᠢ ᠰᠢ ᠲᠡᠮᠦᠷ ᠵᠠᠮ᠂ ᠡᠨᠡ ᠬᠦ ᠵᠠᠮ ᠬᠠᠷᠢᠯᠴᠠᠭᠠᠨ ᠤ ᠴᠢᠬᠤᠯᠠ ᠵᠠᠮ ᠱᠤᠭᠤᠮ ᠨᠢ ᠲᠥᠯᠥᠪᠵᠢᠭᠦᠯᠭᠡ ᠡᠬᠢᠯᠡᠭᠰᠡᠨ ᠠᠴᠠ ᠠᠪᠤᠭᠠᠳ ᠤᠯᠠᠨ ᠨᠡᠶᠢᠳᠡ ᠶᠢᠨ ᠠᠩᠬᠠᠷᠤᠯ ᠢ ᠳᠠᠳᠠᠭᠰᠠᠭᠠᠷ ᠢᠷᠡᠭᠰᠡᠨ ᠪᠢᠯᠡ᠃ ᠲᠠᠢ ᠰᠢ ᠲᠡᠮᠦᠷ ᠵᠠᠮ ᠨᠢ ᠥᠪᠥᠷ ᠮᠣᠩᠭᠤᠯ ᠤᠨ ᠬᠡᠰᠡᠭ ᠲᠤ ᠨᠡᠶᠢᠲᠡ 4 ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠲᠠᠢ ᠪᠠᠶᠢᠵᠤ᠂ ᠡᠭᠦᠨ ᠳᠤ ᠰᠢᠯᠤᠭᠤᠨ ᠬᠥᠬᠡ ᠬᠤᠰᠢᠭᠤᠨ ᠤ ᠭᠡᠰᠡᠭ  ᠲᠤ ᠱᠠᠩᠳᠤ ᠥᠷᠲᠡᠭᠡ ᠪᠠ ᠰᠠᠩ ᠤᠨ ᠳᠠᠯᠠᠢ ᠬᠤᠶᠢᠲᠤ ᠥᠷᠲᠡᠭᠡ ᠶᠢ ᠪᠠᠶᠢᠭᠤᠯᠤᠨ᠂ ᠣᠳᠣᠬᠠᠨ ᠳᠤ ᠲᠤᠰ ᠬᠤᠶᠠᠷ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠠᠭ ᠡᠷᠴᠢᠮ ᠲᠠᠢ ᠶᠠᠪᠤᠭᠳᠠᠵᠤ ᠪᠤᠢ᠃      ᠰᠤᠷᠪᠤᠯᠵᠢᠯᠠᠭᠴᠢ ᠶᠢ ᠲᠠᠢ ᠰᠢ ᠲᠡᠮᠦᠷ ᠵᠠᠮ ᠤᠨ ᠰᠢᠯᠤᠭᠤᠨ ᠬᠥᠬᠡ ᠬᠤᠰᠢᠭᠤᠨ ᠤ ᠬᠡᠰᠡᠭ ᠲᠠᠬᠢ ᠪᠠᠷᠢᠯᠭ᠎ᠠ  ᠶᠢᠨ ᠠᠬᠤᠶ ᠲᠠᠯᠠᠪᠠᠶ ᠳᠤ ᠬᠦᠷᠬᠦ ᠳᠤ ᠡᠷᠭᠦᠭᠦᠷ ᠮᠠᠰᠢᠨ᠂ ᠪᠧᠲ᠋ᠤᠨ ᠵᠢᠭᠤᠷᠠᠬᠤ ᠲᠡᠷᠭᠡ ᠨᠠᠰᠢ ᠴᠠᠰᠢ ᠰᠦᠯᠵᠢᠯᠳᠦᠨ ᠠᠵᠢᠯᠴᠢᠳ ᠶᠠᠭᠠᠷᠠᠯᠳᠠᠢ ᠠᠵᠢᠯᠯᠠᠵᠤ ᠪᠠᠶᠢᠯ᠎ᠠ᠃      ᠱᠠᠩᠳᠤ ᠥᠷᠲᠡᠭᠡ ᠪᠤᠯ ᠤᠤᠯ ᠤᠨ ᠲᠡᠷᠭᠡᠨ ᠥᠷᠲᠡᠭᠡ ᠶᠢ ᠥᠭᠡᠷᠡᠴᠢᠯᠡᠨ ᠪᠠᠶᠢᠭᠤᠯᠬᠤ ᠲᠥᠷᠥᠯ ᠵᠦᠶᠯ ᠪᠠᠶᠢᠵᠦ᠂ ᠨᠡᠶᠢᠲᠡ 12 ᠰᠠᠭᠤᠷᠢ ᠪᠠᠶᠢᠰᠢᠩ᠂ 9127.38 ᠳᠡᠭᠰᠢ ᠲᠦᠷᠪᠡᠯᠵᠢᠨ ᠮᠧᠲᠷ ᠲᠠᠯᠠᠪᠠᠶ ᠲᠠᠢ᠃ 1986.53 ᠳᠡᠭᠰᠢ ᠲᠦᠷᠪᠡᠯᠵᠢᠨ ᠮᠧᠲᠷ ᠪᠠᠶᠢᠰᠢᠩ ᠢ ᠰᠢᠨ᠎ᠡ ᠪᠠᠷ ᠪᠠᠷᠢᠵᠦ᠂ 1513 ᠳᠡᠭᠰᠢ ᠲᠦᠷᠪᠡᠯᠵᠢᠨ ᠮᠧᠲᠷ ᠲᠠᠯᠠᠪᠠᠢ ᠲᠠᠢ ᠤᠤᠯ ᠤᠨ ᠦᠷᠳᠡᠭᠡᠨ ᠤ ᠳᠠᠰᠤᠭ ᠢ ᠥᠭᠡᠷᠡᠴᠢᠯᠡᠨ᠂ 500 ᠬᠥᠮᠦᠨ ᠤ ᠪᠠᠭᠳᠠᠭᠠᠮᠵᠢ ᠪᠦᠬᠦᠢ ᠳᠡᠷᠭᠡᠨ ᠦᠷᠳᠡᠭᠡ ᠶᠢ ᠪᠠᠶᠢᠭᠤᠯᠬᠤ ᠪᠤᠯᠤᠨ᠎ᠠ᠃      ᠣᠳᠣᠬᠠᠨ ᠳᠤ᠂ ᠲᠤᠰ ᠥᠷᠲᠡᠭᠡᠨ ᠤ ᠪᠠᠷᠢᠯᠭ᠎ᠠ ᠶᠢᠨ ᠬᠠᠨ᠎ᠠ ᠶᠢ ᠰᠦᠯᠵᠢᠬᠦ᠂ ᠳᠤᠳᠤᠷᠠᠬᠢ ᠶᠢ ᠨᠢ ᠵᠠᠰᠠᠵᠤ ᠴᠢᠮᠡᠭᠯᠡᠬᠦ ᠵᠡᠷᠭᠡ ᠡᠯ᠎ᠡ ᠵᠦᠢᠯ ᠤᠨ ᠠᠵᠢᠯ ᠡᠷᠴᠢᠮ ᠲᠠᠢ ᠶᠠᠪᠤᠭᠳᠠᠵᠤ᠂ ᠪᠠᠷᠢᠯᠭ᠎ᠠ ᠶᠢᠨ ᠶᠠᠰᠤ ᠴᠢᠨᠠᠷ ᠪᠣᠯᠤᠨ ᠠᠬᠢᠴᠠ  ᠶᠢ ᠪᠠᠲᠤᠯᠠᠬᠤ ᠶᠢᠨ ᠲᠥᠯᠥᠭᠡ ᠳᠤᠮᠳᠠᠳᠤ ᠤᠯᠤᠰ ᠤᠨ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠲᠣᠪᠴᠢᠶᠠᠨ ᠤ ᠪᠠᠷᠢᠯᠭ᠎ᠠ ᠶᠢᠨ ᠪᠦᠯᠬᠦᠮ ᠠᠴᠠ ᠪᠠᠷᠢᠯᠭ᠎ᠠ ᠶᠢᠨ ᠠᠵᠢᠯ ᠤᠨ ᠭᠤᠭᠴᠤᠭ᠎ᠠ ᠨᠢᠭᠡᠪᠦᠷᠢ ᠶᠢ ᠴᠢᠩᠭ᠎ᠠ ᠡᠵᠡᠮᠳᠡᠵᠦ᠂ ᠣᠳᠣᠬᠢᠴᠢᠯᠠᠭᠰᠠᠨ ᠪᠠᠷᠢᠯᠭ᠎ᠠ ᠶᠢᠨ ᠮᠡᠷᠭᠡᠵᠢᠯ ᠢ ᠠᠰᠢᠭᠯᠠᠨ ᠴᠢᠯᠠᠭᠤᠨ ᠮᠠᠲ᠋ᠧᠷᠢᠶᠠᠯ ᠡᠯᠭᠦᠬᠦ᠂ ᠳᠡᠭᠡᠪᠦᠷ ᠤᠭᠰᠠᠷᠠᠬᠤ᠂ ᠭᠠᠵᠠᠷ ᠳᠡᠪᠢᠰᠬᠦ ᠵᠡᠷᠭᠡ ᠠᠵᠢᠯ ᠢ ᠲᠥᠯᠥᠪᠯᠡᠭᠡ ᠶᠤᠰᠤᠭᠠᠷ ᠶᠠᠪᠤᠭᠳᠠᠭᠤᠯᠵᠤ ᠪᠤᠢ᠃      ᠳᠤᠮᠳᠠᠳᠤ ᠤᠯᠤᠰ ᠤᠨ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠲᠤᠪᠴᠢᠶᠠᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠰᠢᠯᠤᠭᠤᠨ ᠬᠥᠬᠡ ᠬᠤᠰᠢᠭᠤᠨ ᠤ ᠠᠵᠢᠯ ᠤᠨ ᠭᠡᠰᠡᠭ ᠤᠨ ᠡᠷᠬᠢᠯᠡᠭᠴᠢ ᠸᠠᠩ ᠴᠧᠩ ᠵᠢᠶᠧ ᠬᠡᠯᠡᠬᠦ ᠳᠡᠭᠡᠨ᠄ ︽ᠣᠳᠣᠬᠠᠨ ᠳᠤ ᠪᠢᠳᠡ ᠶᠠᠭ ᠦᠷᠲᠡᠭᠡᠨ ᠤ ᠬᠡᠷ ᠪᠠᠶᠢᠰᠢᠩ ᠢ ᠵᠠᠰᠠᠵᠤ ᠴᠢᠮᠡᠭᠯᠡᠬᠦ ᠠᠵᠢᠯ ᠢ ᠶᠠᠪᠤᠭᠳᠠᠭᠤᠯᠵᠤ ᠪᠤᠢ᠃ ᠪᠠᠷᠢᠯᠭ᠎ᠠ ᠶᠢᠨ ᠬᠠᠨ᠎ᠠ ᠶᠢ ᠰᠦᠯᠵᠢᠬᠦ᠂ ᠴᠢᠯᠠᠭᠤᠨ ᠮᠠᠲ᠋ᠧᠷᠢᠶᠠᠯ ᠨᠠᠭᠠᠬᠤ ᠠᠵᠢᠯ ᠤᠨ 15% ᠶᠢ ᠪᠡᠶᠡᠯᠡᠭᠦᠯᠵᠦ᠂ ᠲᠡᠷᠭᠡ ᠬᠦᠯᠢᠶᠡᠬᠦ ᠲᠢᠩᠬᠢᠮ ᠤᠨ ᠣᠷᠣᠶ ᠶᠢ ᠡᠯᠬᠦᠬᠦ ᠠᠵᠢᠯ ᠤᠨ 50% ᠶᠢ ᠪᠡᠶᠡᠯᠡᠭᠦᠯᠦᠭᠰᠡᠨ ᠪᠠᠶᠢᠨ᠎ᠠ᠃ ᠪᠠᠷᠢᠯᠭ᠎ᠠ ᠶᠢᠨ ᠠᠵᠢᠯ ᠤᠨ ᠲᠥᠯᠥᠪᠯᠡᠭᠡ ᠶᠣᠰᠣᠭᠠᠷ ᠴᠢᠯᠠᠭᠤᠨ ᠮᠠᠲ᠋ᠧᠷᠢᠶᠠᠯ᠂ ᠭᠠᠵᠠᠷ ᠳᠡᠪᠢᠰᠬᠦ ᠪᠠ ᠬᠠᠮᠢᠶ᠎ᠠ ᠪᠥᠬᠦᠶ ᠳᠠᠭᠠᠯᠲᠠ ᠢᠨᠵᠧᠨᠧᠷᠢᠩ ᠢ ᠵᠠᠯᠭᠠᠭᠠᠳ ᠬᠢᠬᠦ ᠪᠤᠯᠤᠨ᠎ᠠ᠃ ᠰᠡᠯᠪᠢᠨ ᠵᠠᠰᠠᠬᠤ ᠠᠵᠢᠯ  ᠤᠨ ᠲᠣᠭᠤᠷᠢᠭ᠂ ᠠᠵᠢᠯᠲᠠᠨ ᠠᠵᠢᠯᠴᠢᠨ ᠤ ᠪᠠᠶᠢᠷᠢ ᠵᠡᠷᠭᠡ ᠶᠢ ᠪᠠᠶᠢᠭᠤᠯᠵᠤ ᠳᠠᠭᠤᠰᠬᠠᠨ ᠬᠢᠨᠠᠨ ᠰᠢᠯᠭᠠᠯᠳᠠ ᠶᠢ ᠦᠩᠭᠡᠷᠡᠭᠦᠯᠦᠭᠡᠳ ᠨᠢᠭᠡᠨᠲᠡ ᠰᠢᠯᠵᠢᠭᠦᠯᠦᠨ ᠲᠤᠰᠢᠶᠠᠪᠠ︾ ᠭᠡᠯ᠎ᠡ᠃      ᠲᠠᠢ ᠰᠢ ᠲᠡᠮᠦᠷ ᠵᠠᠮ ᠤᠨ ᠰᠠᠩ ᠤᠨ ᠳᠠᠯᠠᠶ ᠳᠠᠬᠢ ᠬᠤᠶᠢᠲᠤ ᠦᠷᠳᠡᠭᠡ ᠨᠢ ᠰᠠᠩ ᠤᠨ ᠳᠠᠯᠠᠶ ᠪᠠᠯᠭᠠᠰᠤᠨ  ᠠᠴᠠ ᠬᠤᠶᠢᠰᠢ 3 ᠺᠢᠯᠤᠮᠧᠲᠷ ᠤᠨ ᠵᠠᠢ ᠳᠤ ᠪᠠᠶᠢᠷᠢᠯᠠᠵᠦ᠂ G207 ᠤᠯᠤᠰ ᠤᠨ ᠳᠡᠰ ᠤᠨ ᠵᠠᠰᠠᠮᠠᠯ ᠵᠠᠮ ᠲᠠᠢ ᠬᠦᠷᠰᠢᠯᠡᠵᠦ ᠪᠤᠢ᠃ ᠦᠷᠲᠡᠭᠡᠨ ᠤ ᠪᠥᠬᠦ ᠪᠠᠷᠢᠯᠭ᠎ᠠ ᠶᠢᠨ ᠲᠠᠯᠠᠪᠠᠶ ᠨᠢ 1450.01 ᠲᠡᠭᠰᠢ ᠳᠥᠷᠪᠡᠯᠵᠢᠨ ᠮᠧᠲᠷ ᠪᠠᠶᠢᠵᠤ᠂ ᠡᠭᠦᠨ ᠳᠤ ᠭᠠᠵᠠᠷ ᠳᠡᠭᠡᠷᠡᠬᠢ ᠪᠠᠷᠢᠯᠭ᠎ᠠ ︵ᠬᠡᠰᠡᠭ ᠵᠢᠬᠢᠷᠢᠭ ᠳᠠᠪᠬᠤᠷᠭ᠎ᠠ︶ 1360.45 ᠲᠡᠭᠰᠢ ᠳᠥᠷᠪᠡᠯᠵᠢᠨ ᠮᠧᠲᠷ᠂ ᠭᠠᠵᠠᠷ ᠳᠤᠤᠷᠠᠬᠢ ᠪᠠᠷᠢᠯᠭ᠎ᠠ 89.65 ᠲᠡᠭᠰᠢ ᠳᠥᠷᠪᠡᠯᠵᠢᠨ ᠮᠧᠲᠷ ᠪᠤᠢ᠃ ᠲᠡᠷᠭᠡᠨ ᠦᠷᠲᠡᠭᠡᠨ ᠳᠤ 480 ᠮᠧᠲᠷ × 8 ᠮᠧᠲᠷ × 1.25 ᠮᠧᠲᠷ ᠤᠨ ᠦᠷᠲᠡᠭᠡᠨ ᠤ ᠶᠠᠨᠳᠠᠷ ᠪᠠ ᠬᠠᠵᠠᠭᠤ ᠶᠠᠨᠳᠠᠷ ᠲᠣᠰ ᠲᠣᠰ 1 ᠶᠢ ᠪᠠᠶᠢᠷᠢᠯᠠᠭᠤᠯᠤᠨ᠂ ᠶᠠᠨᠳᠠᠷ ᠲᠠᠢ ᠠᠳᠠᠯᠢ ᠬᠡᠮᠵᠢᠶᠡᠨ ᠤ 2 ᠰᠠᠷᠠᠪᠴᠢ᠂ 6 ᠮᠧᠲᠷ ᠤᠨ ᠠᠶᠠᠨᠴᠢᠳ ᠤᠨ ᠦᠷᠲᠡᠭᠡᠨ ᠳᠤ ᠤᠷᠤᠵᠤ ᠭᠠᠷᠬᠤ ᠬᠦᠬᠦᠷᠭᠡ ᠶᠢ ᠪᠠᠶᠢᠭᠤᠯᠵᠤ᠂ ᠪᠠᠷᠢᠯᠭ᠎ᠠ ᠳᠠᠭᠤᠰᠤᠭᠰᠠᠨ ᠤ ᠳᠠᠷᠠᠭ᠎ᠠ ᠣᠷᠣᠨ ᠵᠠᠶ ᠶᠢᠨ ᠪᠠᠶᠢᠷᠢᠰᠢᠭᠤᠯᠤᠯᠲᠠ ᠪᠠ ᠲᠥᠬᠦᠭᠡᠷᠦᠮᠵᠢ ᠶᠢᠨ ᠲᠣᠬᠢᠷᠠᠭᠤᠯᠤᠯᠲᠠ ᠪᠠᠷ ᠳᠠᠮᠵᠢᠭᠤᠯᠤᠨ ᠠᠶᠠᠨᠴᠢᠳ ᠲᠤ ᠥᠨᠳᠥᠷ ᠪᠦᠲᠦᠮᠵᠢᠲᠡᠶ᠂ ᠲᠤᠬᠢᠯᠢᠭ ᠲᠠᠭᠠᠯᠠᠮᠵᠢᠲᠠᠶ ᠣᠷᠴᠢᠨ ᠲᠣᠭᠤᠷᠢᠨ ᠢ ᠬᠠᠩᠭᠠᠬᠤ ᠶᠢᠨ ᠬᠠᠮᠲᠤ ᠤᠷᠤᠨ ᠨᠤᠳᠤᠭ ᠤᠨ ᠲᠡᠮᠦᠷ ᠵᠠᠮ ᠤᠨ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠬᠦ ᠪᠤᠯᠤᠨ᠎ᠠ᠃      ᠰᠠᠩ ᠤᠨ ᠲᠡᠯᠡᠶ ᠬᠤᠶᠢᠲᠤ ᠦᠷᠲᠡᠭᠡᠨ ᠤ ᠪᠠᠷᠢᠯᠭ᠎ᠠ ᠶᠢᠨ ᠬᠠᠷᠢᠭᠤᠴᠠᠯᠭᠠᠳᠠᠨ ᠽᠸᠤ ᠭᠠᠩ ᠬᠡᠯᠡᠬᠦ ᠳᠡᠭᠡᠨ᠄ ︽ᠤᠳᠤᠬᠠᠨ ᠳᠤ ᠰᠠᠩ ᠤᠨ ᠲᠡᠯᠡᠶ ᠬᠤᠶᠢᠲᠤ ᠦᠷᠳᠡᠭᠡᠨ ᠤ ᠪᠠᠷᠢᠯᠭ᠎ᠠ ᠨᠢ ᠵᠠᠰᠠᠵᠤ ᠴᠢᠮᠡᠭᠯᠡᠬᠦ ᠱᠠᠲᠤᠨ ᠳᠤ ᠣᠷᠣᠵᠤ᠂ ᠦᠷᠲᠡᠭᠡᠨ ᠤ ᠨᠢᠭᠡᠳᠦᠭᠡᠷ ᠲᠠᠪᠴᠠᠩ ᠪᠠ ᠬᠤᠶᠠᠳᠤᠭᠠᠷ ᠲᠠᠪᠴᠠᠩ ᠤᠨ ᠢᠨᠵᠧᠨᠧᠷᠢᠩ ᠢ ᠨᠡᠶᠢᠳᠡ 70% ᠶᠢ ᠨᠢ ᠪᠡᠶᠡᠯᠡᠭᠦᠯᠦᠨ᠂ 2026 ᠣᠨ ᠤ 6 ᠰᠠᠷ᠎ᠠ ᠶᠢᠨ 8 ᠳᠤ ᠪᠠᠷᠢᠯᠭ᠎ᠠ ᠳᠠᠭᠤᠰᠬᠤ ᠪᠣᠯᠤᠨ᠎ᠠ︾ ᠭᠡᠯ᠎ᠡ᠃      ᠲᠠᠢ ᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠠᠰᠢᠭᠯᠠᠯᠳᠠ ᠤᠷᠤᠭᠰᠠᠨ ᠤ ᠳᠠᠷᠠᠭ᠎ᠠ ᠰᠢᠯᠢ ᠶᠢᠨ ᠭᠤᠣᠯ ᠠᠶᠢᠮᠠᠭ ᠠᠴᠠ ᠪᠡᠭᠡᠵᠢᠩ ᠬᠦᠷᠬᠦ ᠲᠡᠮᠦᠷ ᠵᠠᠮ ᠦᠭᠡᠢ ᠪᠠᠶᠢᠭᠰᠠᠨ ᠢ ᠨᠥᠬᠦᠪᠥᠷᠢᠯᠡᠬᠦ ᠪᠠᠷ ᠪᠠᠷᠠᠬᠤ ᠦᠭᠡᠢ ᠪᠠᠰᠠ ᠼᠦᠩ ᠯᠢ ᠲᠡᠮᠦᠷ ᠵᠠᠮ᠂ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠲᠡᠮᠦᠷ ᠵᠠᠮ ᠲᠠᠢ ᠬᠠᠮᠲᠤ ᠬᠤᠶᠢᠲᠤ ᠬᠡᠰᠡᠭ ᠠᠴᠠ ᠪᠡᠭᠡᠵᠢᠩ ᠬᠦᠷᠬᠦ ᠠᠶᠠᠨᠴᠢᠳ ᠤᠨ ᠲᠦᠷᠭᠡᠨ ᠵᠥᠭᠡᠭᠡᠪᠦᠷᠢ ᠶᠢᠨ ᠵᠠᠮ ᠢ ᠪᠦᠷᠢᠳᠦᠭᠦᠯᠬᠦ ᠪᠣᠯᠤᠨ᠎ᠠ᠃ ᠡᠭᠦᠪᠡᠷ ᠰᠢᠯᠤᠭᠤᠨ ᠬᠦᠬᠡ ᠬᠤᠰᠢᠭᠤ ︽2.5 ᠴᠠᠭ ᠲᠤ ᠨᠡᠶᠢᠰᠯᠡᠯ ᠬᠦᠷᠬᠦ ᠠᠵᠤ ᠠᠬᠤᠢ ᠶᠢᠨ ᠲᠣᠭᠤᠷᠢᠭ︾ ᠲᠤ ᠪᠠᠭᠳᠠᠵᠤ᠂ ᠵᠤᠭᠠᠴᠠᠭᠰᠠᠳ ᠲᠦᠷᠭᠡᠨ ᠤ ᠭᠠᠯᠲᠤ ᠲᠡᠷᠭᠡ ᠪᠠᠷ ᠲᠠᠯ᠎ᠠ ᠨᠤᠲᠤᠭ ᠲᠤ ᠬᠦᠷᠴᠦ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠭᠦᠨ ᠵᠤᠵᠠᠭᠠᠨ ᠲᠡᠦᠬᠡ᠂ ᠲᠠᠯ᠎ᠠ ᠨᠤᠲᠤᠭ ᠤᠨ ᠰᠣᠶᠣᠯ ᠤᠨ ᠥᠪᠡᠷᠮᠢᠴᠡ ᠤᠨᠴᠠᠯᠢᠭ ᠢ ᠪᠡᠶᠡᠴᠢᠯᠡᠨ ᠤᠶᠢᠯᠠᠭᠠᠵᠤ ᠪᠣᠯᠤᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号