ᠪᠦᠬᠦ ᠠᠶᠢᠮᠠᠭ ᠤᠨ ︽ᠵᠠᠮ ᠢᠶᠠᠷ ᠡᠯᠡᠰᠦ ᠶᠢ ᠵᠠᠰᠠᠬᠤ︾ ᠭᠤᠣᠯᠳᠠᠯᠭ᠎ᠠ ᠲᠠᠢ ᠢᠨᠵᠧᠨᠧᠷᠢᠩ ᠪᠣᠯᠤᠭᠰᠠᠨ ᠤ | ᠬᠤᠪᠢ ᠳᠤ᠂ ᠰᠢᠯᠤᠭᠤᠨ ᠬᠦᠬᠡ ᠬᠤᠰᠢᠭᠤᠨ ᠤ ᠨᠠᠷᠠᠲᠤ ᠠᠴᠠ ᠵᠢᠭᠠᠰᠤᠲᠠᠢ ᠬᠦᠷᠬᠦ ᠮᠠᠯᠵᠢᠬᠤ ᠲᠠᠷᠢᠶᠠᠯᠠᠬᠤ ᠣᠷᠣᠨ | ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠤᠳᠠᠯ ᠦᠭᠡᠢ ᠳᠠᠭᠤᠰᠴᠤ᠂ ᠲᠦᠰᠦᠪᠯᠡᠬᠦ ᠪᠠᠷ 6 ᠰᠠᠷ᠎ᠠ ᠶᠢᠨ | ᠰᠡᠭᠦᠯᠴᠢ ᠳᠤ ᠳᠡᠷᠭᠡ ᠨᠡᠪᠳᠡᠷᠡᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠪᠠ ᠮᠠᠯᠵᠢᠬᠤ | ᠣᠷᠣᠨ ᠤ ᠬᠥᠭᠵᠢᠯᠲᠡ ᠳᠤ ᠬᠦᠳᠡᠯᠭᠡᠭᠦ ᠬᠦᠴᠦᠨ ᠨᠡᠮᠡᠷᠢᠯᠡᠬᠦ ᠪᠤᠯᠤᠨ᠎ᠠ᠃ | 6 ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ ᠶᠢ ᠨᠠᠷᠠᠲᠤ ᠠᠴᠠ ᠵᠢᠭᠠᠰᠤᠲᠠᠶ ᠬᠦᠷᠬᠦ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠳᠤ ᠬᠦᠷᠬᠦ ᠳᠤ ᠵᠠᠮ ᠳᠡᠪᠢᠰᠬᠦ | ᠮᠠᠰᠢᠨ᠂ ᠳᠡᠭᠰᠢᠯᠡᠬᠦ ᠮᠠᠰᠢᠨ ᠨᠠᠭᠠᠰᠢ ᠴᠠᠭᠠᠰᠢ ᠰᠦᠯᠵᠢᠯᠳᠦᠨ ᠵᠠᠮ ᠤᠨ ᠰᠠᠭᠤᠷᠢ ᠶᠢ ᠪᠠᠬᠢᠯᠡᠬᠦ ᠪᠠ ᠴᠢᠯᠠᠭᠤ | ᠲᠤᠭᠤᠰᠬ᠎ᠠ ᠵᠦᠭᠡᠭᠡᠪᠦᠷᠢᠯᠡᠵᠦ᠂ ᠠᠵᠢᠯᠴᠢᠳ ᠳᠡᠪᠢᠰᠦᠭᠰᠡᠨ ᠭᠠᠳᠠᠷᠭᠤ ᠶᠢ ᠵᠠᠰᠠᠵᠤ ᠲᠡᠭᠰᠢᠯᠡᠵᠦ ᠪᠠᠶᠢᠯ᠎ᠠ᠃ | ᠰᠢᠯᠤᠭᠤᠨ ᠬᠥᠬᠡ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ ᠼᠦᠢ ᠰᠢᠶᠣᠤ | ᠹᠧᠩ ᠬᠡᠯᠡᠬᠦ ᠳᠡᠭᠡᠨ᠄ ᠲᠣᠰ ᠲᠥᠷᠥᠯ ᠵᠦᠶᠯ ᠨᠢ ᠤᠯᠤᠰ ᠤᠨ ᠵᠠᠮ ᠤᠨ 207 ᠱᠤᠭᠤᠮ ᠠᠴᠠ ᠡᠬᠢᠯᠡᠵᠦ᠂ ᠨᠠᠷᠠᠲᠤ | ᠰᠤᠮᠤ ᠶᠢ ᠳᠠᠭᠠᠷᠢᠨ ᠵᠢᠭᠠᠰᠤᠲᠠᠶ ᠰᠤᠮᠤᠨ ᠳᠤ ᠬᠦᠷᠦᠨ᠎ᠡ᠃ ᠪᠥᠬᠦ ᠣᠷᠳᠣ ᠨᠢ 43.218 ᠺᠢᠯᠣᠮᠧᠲᠷ᠃ ᠡᠨᠡᠬᠦ | ᠲᠥᠷᠥᠯ ᠵᠦᠶᠯ ᠢ ᠤᠤᠯ ᠤᠨ ᠳᠥᠷᠪᠡᠳᠦᠭᠡᠷ ᠳᠡᠰ ᠤᠨ ᠵᠠᠰᠠᠮᠠᠯ ᠵᠠᠮ ᠤᠨ ᠰᠠᠭᠤᠷᠢᠨ ᠳᠡᠭᠡᠷ᠎ᠡ ᠲᠠᠰ ᠳᠡᠪᠰᠢᠭᠦᠯᠦᠨ | ᠭᠤᠷᠪᠠᠳᠤᠭᠠᠷ ᠳᠡᠰ ᠤᠨ ᠬᠠᠷ᠎ᠠ ᠵᠠᠮ ᠪᠣᠯᠭᠠᠵᠤ᠂ ᠵᠠᠮ ᠤᠨ ᠰᠠᠭᠤᠷᠢ ᠨᠢ 8 ᠮᠧᠲᠷ᠂ ᠵᠠᠮ ᠤᠨ ᠭᠠᠳᠠᠷᠭᠤ ᠨᠢ 6.5 | ᠮᠧᠲᠷ ᠪᠠᠶᠢᠵᠦ᠂ ᠨᠡᠶᠢᠳᠡ 8673 ᠲᠦᠮᠡᠨ ᠲᠥᠭᠦᠷᠢᠭ ︵ᠳᠡᠭᠡᠳᠦ ᠱᠠᠲᠤᠨ ᠤ ᠨᠥᠬᠦᠪᠥᠷᠢ ᠪᠠᠯᠠ ᠮᠥᠩᠭᠦ 6048 | ᠲᠦᠮᠡᠨ ᠲᠥᠭᠦᠷᠢᠭ ᠪᠠᠭᠲᠠᠨ᠎ᠠ︶ ᠤᠨ ᠪᠡᠯᠡ ᠤᠷᠤᠭᠤᠯᠵᠠᠢ᠃ ᠡᠨᠡ ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠪᠠᠷ | ᠠᠵᠢᠯ ᠢᠶᠠᠨ ᠰᠡᠷᠭᠦᠭᠡᠭᠰᠡᠨ ᠠᠴᠠ ᠨᠠᠭᠠᠰᠢ ᠤᠳᠤ ᠪᠤᠯᠳᠠᠯ᠎ᠠ ᠨᠢᠭᠡᠨᠲᠡ 34 ᠺᠢᠯᠣᠮᠧᠲᠷ ᠤᠨ ᠬᠠᠷ᠎ᠠ ᠵᠠᠮ ᠢ ᠳᠡᠪᠢᠰᠴᠦ᠂ | ᠤᠳᠠᠯ ᠦᠭᠡᠢ ᠠᠰᠢᠭᠯᠠᠯᠳᠠ ᠳᠤ ᠤᠷᠤᠬᠤ ᠪᠤᠯᠤᠨ᠎ᠠ︾ ᠭᠡᠯᠡ᠃ | ᠡᠨᠡᠬᠦ ᠵᠠᠮ ᠢ ᠵᠠᠰᠠᠬᠤ ᠳᠠᠭᠤᠰᠤᠭᠰᠠᠨ ᠤ ᠳᠠᠷᠠᠭ᠎ᠠ ᠮᠠᠨ ᠤ ᠬᠤᠰᠢᠭᠤᠨ ᠤ ᠬᠤᠶᠢᠲᠤ ᠬᠡᠰᠡᠭ ᠤᠨ ᠬᠤᠯᠠᠨ | ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠤᠯᠠᠨ ᠲᠦᠮᠡᠨ ᠤ ᠶᠠᠪᠤᠵᠤ ᠰᠠᠭᠤᠬᠤ ᠨᠥᠬᠦᠴᠡᠯ ᠢ ᠢᠯᠡᠳᠳᠡ | ᠰᠠᠶᠢᠵᠢᠷᠠᠭᠤᠯᠵᠤ᠂ ᠲᠤᠬᠠᠢ ᠶᠢᠨ ᠭᠠᠵᠠᠷ ᠤᠨ ᠮᠠᠯᠴᠢᠳ ᠤᠨ ᠮᠠᠯ ᠤᠨᠤᠭ᠎ᠠ ᠵᠠᠷᠤᠴᠠᠭᠤᠯᠬᠤ᠂ ᠡᠪᠡᠰᠦ ᠪᠣᠷᠳᠤᠭ᠎ᠠ | ᠵᠥᠭᠡᠭᠡᠪᠦᠷᠢᠯᠡᠬᠦ ᠠᠮᠤᠷ ᠲᠦᠪᠰᠢᠨ ᠢ ᠳᠡᠭᠡᠭᠰᠢᠯᠡᠬᠦᠯᠬᠦ ᠪᠠᠷ ᠪᠠᠷᠠᠬᠤ ᠦᠬᠡᠢ᠂ ᠨᠡᠩ ᠴᠤ ᠮᠠᠯᠵᠢᠬᠤ ᠣᠷᠣᠨ ᠤ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ ᠨᠢ ᠳᠠᠮᠵᠢᠭ ᠦᠭᠡᠢ᠃ ᠠᠮᠢ ᠠᠬᠤᠶ ᠶᠢ ᠵᠠᠰᠠᠬᠤ ᠬᠢᠭᠡᠳ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠶᠢ ᠤᠶᠠᠯᠳᠤᠭᠤᠯᠤᠭᠰᠠᠨ ᠢᠨᠵᠧᠨᠧᠷᠢᠩ ᠪᠣᠯᠤᠭᠰᠠᠨ ᠤ ᠬᠤᠪᠢ ᠳᠤ᠂ ᠲᠣᠰ ᠵᠠᠰᠠᠮᠠᠯ | ᠵᠠᠮ ᠨᠢ ᠡᠯᠡᠰᠦ ᠶᠢ ᠵᠠᠰᠠᠬᠤ ᠳᠤ ᠦᠢᠯᠡᠳᠦᠯ ᠬᠡᠷᠡᠭᠴᠡᠭᠡ ᠪᠠᠨ ᠪᠠᠳᠠᠷᠠᠭᠤᠯᠵᠤ᠂ ︽ᠵᠠᠮ ᠢᠶᠠᠷ ᠡᠯᠡᠰᠦ ᠶᠢ ᠵᠠᠰᠠᠬᠤ︾ | ᠵᠠᠭᠪᠤᠷ ᠢᠶᠠᠷ ᠳᠠᠮᠵᠢᠭᠤᠯᠤᠨ ᠠᠮᠢ ᠠᠬᠤᠶ ᠶᠢᠨ ᠦᠷ᠎ᠡ ᠠᠰᠢᠭ ᠢ ᠪᠡᠶᠡᠯᠡᠭᠦᠯᠵᠦ᠂ ᠤᠮᠠᠷᠠᠲᠤ ᠬᠢᠯᠢ ᠶᠢᠨ ᠠᠮᠢ ᠠᠬᠤᠶ | ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠵᠦ᠂ ᠨᠡᠩ ᠴᠢᠨᠠᠬᠰᠢᠳᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠯᠬᠤᠮ ᠢ ᠤᠯᠠᠮ ᠲᠦᠷᠭᠡᠳᠭᠡᠨ᠂ ᠮᠠᠯᠴᠢᠨ ᠲᠠᠷᠢᠶᠠᠴᠢᠨ ᠤᠯᠠᠨ ᠲᠦᠮᠡᠨ ᠤ ᠬᠦᠷᠲᠡᠮᠵᠢ ᠶᠢᠨ | ᠲᠦᠷᠦᠭᠳᠡᠯ᠂ ᠵᠢᠷᠭᠠᠯᠲᠤ ᠲᠦᠷᠦᠭᠳᠡᠯ ᠢ ᠬᠥᠭᠵᠢᠯᠲᠡ ᠶᠢᠨ ᠪᠤᠳᠠᠳᠤ ᠦᠷ᠎ᠡ ᠪᠦᠲᠦᠭᠡᠯ ᠪᠣᠯᠭᠠᠨ ᠬᠤᠪᠢᠷᠠᠭᠤᠯᠬᠤ | ᠪᠣᠯᠤᠨ᠎ᠠ᠃ | |