ᠯᠢ ᠪᠥᠸᠧ ᠹᠧᠩ ᠬᠠᠪᠢᠷᠭ᠎ᠠ ᠪᠠᠯᠭᠠᠰᠤᠨ ᠳᠤ ᠬᠦᠷᠴᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2025/6/26
      6 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ︽ᠲᠥᠪ  ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠰᠢᠯᠢᠳᠡᠭ ᠰᠤᠷᠲᠠᠯ ᠢᠶᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ ᠬᠠᠪᠢᠷᠭ᠎ᠠ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃      ᠯᠢ ᠪᠥᠸᠧ ᠹᠧᠩ ᠵᠢᠭᠠᠬᠤ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ᠲᠥᠪ ᠤᠨ ᠨᠠᠢᠮᠠᠨ ᠲᠣᠭᠲᠠᠭᠠᠯ ᠢᠶᠠᠷ ᠡᠬᠢᠯᠡᠭᠦᠯᠦᠨ ︽ᠲᠦᠷᠪᠡᠨ ᠰᠤᠷᠲᠠᠯ︾ ᠢ ᠴᠡᠭᠴᠡᠯᠡᠵᠦ᠂ ᠨᠠᠮ  ᠤᠨ ᠰᠤᠷᠲᠠᠯ ᠵᠠᠰᠠᠭ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠤᠭᠰᠠᠨ ᠪᠠᠶᠢᠨ᠎ᠠ᠃ ᠰᠢᠨ᠎ᠡ ᠴᠠᠭ ᠦᠶ᠎ᠡ ᠶᠢᠨ ᠰᠤᠷᠲᠠᠯ ᠤᠨ ᠪᠠᠶᠢᠭᠤᠯᠤᠯᠲᠠ ᠶᠢᠨ ︽ᠰᠢᠵᠢᠷ ᠠᠯᠲᠠᠨ ᠨᠡᠷ᠎ᠡ ᠶᠢᠨ ᠬᠠᠭᠤᠳᠠᠰᠤ︾ ᠪᠣᠯᠤᠭᠰᠠᠨ ᠤ ᠬᠤᠪᠢ ᠳᠤ᠂ ᠲᠥᠪ ᠤᠨ ᠨᠠᠢᠮᠠᠨ ᠲᠣᠭᠲᠠᠭᠠᠯ ᠪᠣᠯ ᠪᠠᠳᠤ ᠴᠢᠩᠭ᠎ᠠ ᠶᠤᠰᠤ ᠲᠦᠷᠢᠮ ᠪᠠᠶᠢᠵᠦ᠂ ᠡᠷᠬᠡᠪᠰᠢ ᠴᠥᠬᠦᠷᠡᠰᠢ ᠦᠭᠡᠢ ᠪᠠᠶᠢᠩᠭᠤ ᠠᠳᠬᠤᠵᠤ᠂ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ ᠭᠡᠰᠡᠨ ᠪᠠᠶᠢᠨ᠎ᠠ᠃       ᠯᠢ ᠪᠥᠸᠧ ᠹᠧᠩ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰ ᠣᠳᠠᠭᠠᠨ ᠤ ᠰᠤᠷᠤᠯᠴᠠᠯᠭ᠎ᠠ ᠬᠥᠮᠦᠵᠢᠯ ᠢᠶᠠᠷ ᠲᠣᠬᠢᠶᠠᠯ ᠪᠤᠯᠭᠠᠨ᠂ ᠲᠥᠪ ᠤᠨ ᠨᠠᠢᠮᠠᠨ ᠲᠣᠭᠲᠠᠭᠠᠯ ᠵᠢᠴᠢ ᠨᠠᠷᠢᠨ ᠲᠦᠷᠢᠮ ᠤᠨ ᠵᠣᠷᠢᠭ ᠰᠠᠨᠠᠭᠠᠨ  ᠤ ᠮᠥᠨ ᠴᠢᠨᠠᠷ ᠢ ᠭᠦᠨᠵᠡᠭᠡᠢ ᠡᠵᠡᠮᠳᠡᠵᠦ᠂ ᠰᠠᠬᠢᠯᠭ᠎ᠠ ᠪᠠᠲᠤ ᠶᠣᠰᠣ ᠲᠦᠷᠢᠮ ᠢ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠪᠤᠳᠠᠳᠤ ᠵᠢᠱᠢᠶ᠎ᠡ ᠪᠠᠷ ᠲᠤᠯᠢᠳᠠᠯ ᠪᠤᠯᠭᠠᠨ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠴᠢᠬᠤᠯᠠᠴᠢᠯᠠᠵᠤ᠂ ᠠᠰᠢᠭ ᠲᠤᠰᠠ ᠠᠯᠳᠠᠭ᠎ᠠ ᠤᠨᠤᠭ᠎ᠠ ᠳᠤ ᠵᠥᠪ ᠢᠶᠠᠷ ᠬᠠᠨᠳᠤᠨ᠂ ᠠᠷᠢᠭᠤᠨ ᠴᠢᠬᠡᠴᠢ ᠰᠤᠷᠲᠠᠯ ᠢ ᠬᠠᠳᠠᠭᠠᠯᠠᠵᠤ᠂ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ᠪᠣᠭᠤᠮᠲᠠ ᠰᠢᠪᠲᠤᠯᠬᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠯᠢ ᠪᠥᠸᠧ ᠹᠧᠩ᠂ ᠪᠦᠬᠦ ᠬᠤᠰᠢᠭᠤ ᠪᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠠᠬᠢᠭᠤᠯᠬᠤ ᠲᠠᠢ ᠭᠦᠨᠵᠡᠭᠡᠢ ᠠᠭᠤᠰᠤᠯᠴᠠᠭᠤᠯᠤᠨ᠂ ᠰᠢᠯᠢᠳᠡᠭ ᠰᠤᠷᠲᠠᠯ ᠢᠶᠠᠷ ᠬᠥᠭᠵᠢᠯᠲᠡ ᠶᠢᠨ ᠬᠥᠳᠡᠯᠭᠡᠬᠦ ᠬᠦᠴᠦᠨ ᠢ ᠨᠢᠭᠲᠠᠷᠠᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠠᠪᠢᠷᠭ᠎ᠠ ᠪᠠᠯᠭᠠᠰᠤᠨ ᠤ ᠤᠳᠤᠷᠢᠳᠬᠤ ᠪᠠᠭ᠂ ᠪᠠᠶᠢᠭᠤᠯᠭ᠎ᠠ ᠶᠢᠨ ᠨᠠᠮ ᠤᠨ ᠭᠡᠰᠢᠭᠦᠨ᠂ ᠬᠤᠶᠠᠳᠤᠭᠠᠷ ᠳᠡᠰ  ᠤᠨ ᠪᠠᠶᠢᠭᠤᠯᠭ᠎ᠠ ᠶᠢᠨ ᠬᠠᠷᠢᠭᠤᠴᠠᠯᠭᠠᠲᠠᠨ ᠵᠢᠴᠢ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠤᠷᠤᠯᠴᠠᠵᠠᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号