ᠰᠢᠯᠤᠭᠤᠨ ᠬᠥᠬᠡ ᠬᠤᠰᠢᠭᠤ ᠣᠶᠢᠷ᠎ᠠ ᠶᠢᠨ ᠵᠢᠯ ᠬᠥᠳᠡᠯᠭᠡᠬᠦ ᠡᠨᠧᠷᠭᠢ ᠶᠢᠨ ᠰᠣᠯᠢᠭᠳᠠᠯ ᠪᠠ ᠠᠵᠤ | ᠦᠶᠯᠡᠰ ᠤᠨ ᠲᠠᠰ ᠳᠡᠪᠰᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠡᠨᠧᠷᠭᠢ ᠶᠢᠨ ᠠᠵᠤ ᠦᠶᠯᠡᠰ ᠲᠤ | ᠲᠦᠰᠢᠭᠯᠡᠨ ᠣᠯᠠᠨ ᠠᠵᠢᠯ ᠲᠥᠷᠥᠯ ᠢᠶᠠᠷ ᠲᠤᠯᠭᠠᠭᠤᠷᠢᠯᠠᠭᠰᠠᠨ᠂ ᠣᠯᠠᠨ ᠬᠡᠯᠬᠢᠶ᠎ᠡ ᠪᠠᠷ ᠬᠠᠷᠢᠯᠴᠠᠨ | ᠨᠥᠬᠦᠪᠥᠷᠢᠯᠡᠭᠰᠡᠨ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠠᠵᠤ ᠦᠶᠯᠡᠰ ᠤᠨ ᠰᠢᠨ᠎ᠡ ᠰᠢᠰᠲ᠋ᠧᠮ ᠢ | ᠪᠠᠶᠢᠭᠤᠯᠵᠤ ᠪᠤᠢ᠃ | ᠣᠶᠢᠷ᠎ᠠ ᠳᠤ᠂ ᠵᠦᠩ ᠴᠤᠸᠠᠩ ᠰᠢᠯᠤᠭᠤᠨ ᠬᠥᠬᠡ ᠬᠤᠰᠢᠭᠤᠨ ᠤ 60 ᠰᠠᠶ᠎ᠠ ᠸᠠᠲ ᠤᠨ ᠬᠡᠷᠡᠯ ᠴᠡᠨᠡᠭ | ᠤᠨ ᠲᠥᠷᠥᠯ ᠵᠦᠶᠯ ᠤᠨ ᠳᠠᠯᠠᠪᠠᠢ ᠳᠤ ᠮᠠᠰᠢᠨ ᠮᠧᠬᠠᠨᠢᠭ ᠤᠨ ᠳᠠᠭᠤ ᠪᠠᠷᠢᠯᠭ᠎ᠠ ᠶᠢᠨ ᠭᠠᠵᠠᠷ ᠴᠤᠤᠷᠢᠶᠠᠳᠤᠨ᠂ | ᠠᠵᠢᠯᠴᠢᠳ ᠳᠤᠰ ᠳᠤᠰ ᠤᠨ ᠠᠵᠢᠯ ᠤᠨ ᠪᠠᠶᠢᠷᠢᠨ ᠳᠠᠭᠠᠨ ᠶᠠᠭᠠᠷᠠᠯᠳᠠᠢ ᠠᠵᠢᠯᠯᠠᠵᠠᠭᠠᠨ᠎ᠠ᠃ ᠲᠥᠷᠥᠯ ᠵᠦᠶᠯ ᠤᠨ | ᠬᠠᠷᠢᠭᠤᠴᠠᠯᠭᠠᠲᠠᠨ ᠯᠢ ᠶᠠᠩ ᠬᠡᠯᠡᠬᠦ ᠳᠡᠭᠡᠨ᠄ ︽ᠡᠨᠡᠬᠦ 60 ᠰᠠᠶ᠎ᠠ ᠸᠠᠲ ᠤᠨ ᠬᠡᠷᠡᠯ ᠴᠡᠨᠡᠭ ᠤᠨ ᠲᠦᠷᠦᠯ ᠵᠦᠢᠯ ᠢ | 2025 ᠣᠨ ᠤ 2 ᠰᠠᠷ᠎ᠠ ᠶᠢᠨ ᠰᠡᠭᠦᠯᠴᠢ ᠳᠤ ᠡᠬᠢᠯᠡᠭᠦᠯᠦᠨ ᠤᠳᠤᠬᠠᠨ ᠳᠤ ᠰᠠᠭᠤᠷᠢ ᠪᠠᠬᠢᠯᠡᠬᠦ ᠠᠵᠢᠯ ᠤᠨ | 60% ᠶᠢ ᠪᠡᠶᠡᠯᠡᠭᠦᠯᠦᠭᠡᠳ ᠪᠤᠢ᠃ 7 ᠰᠠᠷ᠎ᠠ ᠶᠢᠨ ᠰᠡᠭᠦᠯᠴᠢ ᠳᠤ ᠰᠠᠭᠤᠷᠢ ᠪᠠᠬᠢᠯᠡᠬᠦ ᠠᠵᠢᠯ ᠢ ᠪᠦᠬᠦᠨ ᠢ | ᠪᠡᠶᠡᠯᠡᠭᠦᠯᠵᠦ᠂ 8 ᠰᠠᠷ᠎ᠠ ᠳᠤ ᠪᠠᠭᠠᠨ᠎ᠠ ᠶᠢ ᠪᠤᠰᠬᠠᠵᠤ ᠳᠠᠭᠤᠰᠬᠠᠨ᠂ 9 ᠰᠠᠷ᠎ᠠ ᠳᠤ ᠮᠠᠰᠢᠨ ᠲᠦᠭᠦᠭᠡᠷᠦᠮᠵᠢ ᠶᠢ | ᠤᠭᠰᠠᠷᠠᠵᠤ᠂ 10 ᠰᠠᠷ᠎ᠠ ᠳᠤ ᠠᠰᠢᠭᠯᠠᠯᠳᠠ ᠳᠤ ᠤᠷᠤᠬᠤ ᠳᠤ ᠪᠡᠯᠡᠭᠡᠨ ᠪᠤᠯᠭᠠᠨ᠎ᠠ︾ ᠭᠡᠯᠡ᠃ | ᠵᠦᠩ ᠴᠤᠸᠠᠩ ᠰᠢᠯᠤᠭᠤᠨ ᠬᠥᠬᠡ ᠬᠤᠰᠢᠭᠤᠨ ᠤ 300 ᠰᠠᠶ᠎ᠠ ᠸᠠᠲ ᠤᠨ ᠣᠨᠴᠠ ᠥᠨᠳᠥᠷ | ᠳᠠᠷᠤᠯᠲᠠᠲᠤ ᠰᠠᠯᠬᠢ ᠭᠡᠷᠡᠯ ᠤᠨ ᠴᠠᠬᠢᠯᠭᠠᠨ ᠢ ᠨᠢᠭᠡ ᠴᠤᠭᠴᠠᠵᠢᠭᠤᠯᠬᠤ ᠲᠦᠷᠦᠯ ᠵᠦᠢᠯ ᠤᠨ ᠭᠤᠷᠪᠠᠳᠤᠭᠠᠷ | ᠬᠤᠭᠤᠴᠠᠭᠠᠨ ᠤ ᠪᠠᠷᠢᠯᠭ᠎ᠠ 2024 ᠣᠨ ᠤ 8 ᠰᠠᠷ᠎ᠠ ᠳᠤ ᠡᠬᠢᠯᠡᠵᠡᠢ᠃ ᠡᠭᠦᠨ ᠳᠤ 220 ᠺᠢᠯᠤᠸᠠᠯᠲ ᠤᠨ | ᠳᠠᠷᠤᠯᠲᠠ ᠨᠡᠮᠡᠭᠳᠡᠭᠦᠯᠬᠦ ᠥᠷᠲᠡᠭᠡ 1 ᠶᠢ ᠪᠠᠶᠢᠭᠤᠯᠤᠨ᠂ ᠮᠠᠰᠢᠨ ᠨᠢᠭᠡᠪᠦᠷᠢ ᠶᠢᠨ ᠪᠠᠭᠲᠠᠭᠠᠮᠵᠢ ᠨᠢ 10 ᠰᠠᠶ᠎ᠠ ᠸᠠᠲ | ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ 24 ᠰᠠᠭᠤᠷᠢ ᠶᠢ ᠤᠭᠰᠠᠷᠠᠵᠤ᠂ ᠶᠡᠷᠦᠩᠬᠡᠶ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠨᠢ 240 ᠰᠠᠶ᠎ᠠ ᠸᠠᠲ ᠲᠤ ᠬᠦᠷᠴᠦ᠂ 35 ᠺᠢᠯᠤᠸᠠᠯᠲ ᠤᠨ ᠬᠤᠷᠠᠮᠠᠯ | ᠴᠠᠬᠢᠯᠭᠠᠨ ᠬᠡᠯᠬᠢᠶ᠎ᠡ ᠪᠠᠷ ᠳᠠᠮᠵᠢᠭᠤᠯᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠳᠤ ᠵᠠᠯᠭᠠᠵᠤ᠂ ᠬᠦᠴᠦᠳᠡᠯ ᠢ ᠨᠢ | 220 ᠺᠢᠯᠤᠸᠠᠯᠲ ᠪᠣᠯᠭᠠᠭᠰᠠᠨ ᠤ ᠳᠠᠷᠠᠭ᠎ᠠ ᠭᠠᠳᠠᠭᠰᠢ ᠳᠠᠮᠵᠢᠭᠤᠯᠵᠤ 60 ᠰᠠᠶ᠎ᠠ ᠸᠠᠲ ᠤᠨ ᠭᠡᠷᠡᠯ ᠴᠡᠨᠡᠭ ᠢᠶᠠᠷ | ᠴᠠᠬᠢᠯᠭᠠᠨ ᠭᠠᠷᠭᠠᠬᠤ ᠲᠠᠯᠠᠪᠠᠢ ᠶᠢ ᠪᠦᠲᠦᠭᠡᠨ ᠪᠠᠶᠢᠭᠤᠯᠬᠤ ᠪᠤᠯᠤᠨ᠎ᠠ᠃ ᠣᠳᠣᠬᠠᠨ ᠳᠤ᠂ 220 ᠺᠢᠯᠤᠸᠠᠯᠲ ᠤᠨ | ᠬᠦᠴᠦᠳᠡᠯ ᠳᠡᠭᠡᠭᠰᠢᠯᠡᠭᠦᠯᠬᠦ ᠥᠷᠲᠡᠭᠡ ᠶᠢ ᠪᠠᠶᠢᠭᠤᠯᠬᠤ ᠱᠠᠳᠤᠨ ᠳᠠᠭᠠᠨ ᠪᠠᠶᠢᠵᠦ᠂ 240 ᠰᠠᠶ᠎ᠠ ᠸᠠᠲ ᠤᠨ ᠣᠨᠴᠠ | ᠥᠨᠳᠥᠷ ᠬᠦᠴᠦᠳᠡᠯᠲᠦ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠶᠯ ᠤᠨ ᠠᠩᠬᠠᠳᠠᠭᠴᠢ ᠰᠠᠯᠬᠢᠨ ᠬᠦᠴᠦᠨ | ᠤ ᠮᠠᠰᠢᠨ ᠢ ᠤᠷᠤᠭᠰᠢᠲᠠᠶ ᠤᠭᠰᠠᠷᠠᠭᠰᠠᠨ ᠪᠠᠶᠢᠨ᠎ᠠ᠃ ᠵᠠᠯᠭᠠᠭᠠᠳ᠂ ᠲᠥᠷᠥᠯ ᠵᠦᠶᠯ ᠤᠨ ᠪᠦᠯᠬᠦᠮ ᠤᠨ ᠬᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠬᠦ ᠵᠡᠷᠭᠡ | ᠠᠷᠭ᠎ᠠ ᠠᠪᠴᠠᠯ ᠢᠶᠠᠷ ᠠᠵᠢᠯ ᠤᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠭᠡᠵᠦ᠂ ᠤᠭᠰᠠᠷᠠᠵᠤ ᠪᠤᠰᠬᠠᠬᠤ | ᠵᠡᠷᠭᠡ ᠵᠠᠩᠭᠢᠯᠠᠭ᠎ᠠ ᠶᠢᠨ ᠠᠵᠢᠯ ᠢ ᠤᠷᠤᠭᠰᠢᠳᠠᠢ ᠪᠡᠶᠡᠯᠡᠭᠦᠯᠵᠤ᠂ ᠲᠥᠷᠥᠯ ᠵᠦᠶᠯ ᠢ ᠲᠣᠭᠲᠠᠭᠰᠠᠨ ᠬᠤᠭᠤᠴᠠᠭᠠᠨ ᠳᠤ | ᠠᠰᠢᠭᠯᠠᠯᠲᠠ ᠳᠤ ᠣᠷᠣᠭᠤᠯᠬᠤ ᠪᠠ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠬᠠᠷᠠᠯᠲᠠ ᠶᠢ ᠪᠡᠶᠡᠯᠡᠭᠦᠯᠵᠦ᠂ | ᠰᠢᠯᠤᠭᠤᠨ ᠬᠦᠭᠡ ᠬᠤᠰᠢᠭᠤᠨ ᠤ ᠰᠢᠨ᠎ᠡ ᠡᠨᠧᠷᠬᠢ ᠶᠢᠨ ᠠᠵᠤ ᠦᠢᠯᠡᠰ ᠤᠨ ᠬᠦᠭᠵᠢᠯᠳᠡ ᠳᠤ ᠬᠦᠴᠦᠨ ᠨᠡᠮᠡᠷᠢᠯᠡᠬᠦ | ᠪᠤᠯᠤᠨ᠎ᠠ᠃ | | | |