6 ᠰᠠᠷ᠎ᠠ ᠶᠢᠨ 26 ᠤ ᠡᠳᠦᠷ᠂ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠶᠢᠮᠠᠭ ᠤᠨ ᠨᠠᠮ ᠤᠨ ᠬᠤᠷᠢᠶᠠᠨ ᠤ ᠲᠠᠪᠤᠳᠤᠭᠠᠷ ᠬᠢᠨᠠᠨ | ᠵᠢᠯᠣᠭᠤᠳᠬᠤ ᠳᠤᠭᠤᠶᠢᠯᠠᠩ ᠤᠨ ᠰᠢᠯᠤᠭᠤᠨ ᠬᠥᠬᠡ ᠬᠤᠰᠢᠭᠤᠨ ᠳᠤ ᠬᠢᠨᠠᠨ ᠵᠢᠯᠤᠭᠤᠳᠬᠤ ᠠᠭᠤᠯᠵᠠᠯᠲᠠ ᠶᠢᠨ | ᠬᠤᠷᠠᠯ ᠬᠤᠷᠠᠯᠳᠤᠯ᠎ᠠ᠃ ᠠᠶᠢᠮᠠᠭ ᠤᠨ ᠨᠠᠮ ᠤᠨ ᠬᠤᠷᠢᠶᠠᠨ ᠤ ᠲᠠᠪᠤᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ | ᠳᠠᠷᠤᠭ᠎ᠠ ᠴᠡᠩᠭᠡᠯᠳᠦ ᠶᠠᠷᠢᠶ᠎ᠠ ᠲᠠᠯᠪᠢᠵᠤ᠂ ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ | ᠵᠣᠷᠢᠭ ᠰᠠᠨᠠᠭ᠎ᠠ ᠪᠣᠯᠤᠨ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ᠂ ᠬᠢᠨᠠᠨ ᠵᠢᠯᠣᠭᠤᠳᠬᠤ ᠠᠵᠢᠯ ᠤᠨ ᠡᠭᠦᠷᠭᠡ᠂ | ᠪᠠᠶᠢᠷᠢᠯᠠᠭᠤᠯᠤᠯᠳᠠ ᠶᠢ ᠨᠡᠶᠢᠳᠡᠯᠡᠭᠰᠡᠨ ᠪᠥᠭᠡᠳ ᠬᠢᠨᠠᠨ ᠵᠢᠯᠣᠭᠤᠳᠬᠤ ᠳᠤᠭᠤᠶᠢᠯᠠᠩ ᠤᠨ ᠠᠵᠢᠯ ᠳᠤ ᠬᠠᠮᠵᠢᠯᠴᠠᠬᠤ | ᠲᠤᠬᠠᠢ ᠱᠠᠭᠠᠷᠳᠠᠯᠭ᠎ᠠ ᠳᠤᠷᠠᠳᠴᠠᠢ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠵᠦᠪᠯᠡᠯ ᠤᠨ ᠱᠦᠵᠢ ᠹᠧᠩ ᠵᠢᠶᠠᠨ ᠵᠢᠶᠦ᠋ᠨ ᠣᠪᠣᠷ ᠢᠶᠠᠨ ᠢᠯᠡᠳᠭᠡᠭᠰᠡᠨ ᠪᠠᠶᠢᠨ᠎ᠠ᠃ | ᠴᠡᠩᠭᠡᠯᠳᠦ᠂ ᠣᠳᠣᠬᠠᠨ ᠳᠤ ᠰᠤᠷᠤᠯᠴᠠᠯᠭ᠎ᠠ ᠬᠥᠮᠦᠵᠢᠯ ᠶᠠᠭ ᠭᠦᠨᠵᠡᠭᠡᠶᠢᠷᠡᠨ ᠠᠬᠢᠭᠤᠯᠬᠤ᠂ ᠦᠷ᠎ᠡ | ᠪᠦᠲᠦᠮᠵᠢ ᠭᠠᠷᠭᠠᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠭ᠎ᠠ ᠤᠴᠢᠷ ᠠᠴᠠ ᠠᠶᠢᠮᠠᠭ ᠤᠨ ᠨᠠᠮ ᠤᠨ | ᠬᠤᠷᠢᠶ᠎ᠠ ᠦᠷᠭᠦᠯᠵᠢᠯᠡᠨ ᠬᠢᠨᠠᠨ ᠵᠢᠯᠣᠭᠤᠳᠬᠤ ᠳᠤᠭᠤᠶᠢᠯᠠᠩ ᠲᠤᠮᠢᠯᠠᠭᠰᠠᠨ ᠨᠢ ᠲᠤᠭ ᠲᠡᠮᠳᠡᠭ ᠲᠣᠳᠣᠷᠬᠠᠶ ᠪᠠᠷ | ᠤᠯᠤᠰ ᠲᠥᠷᠥ ᠶᠢ ᠡᠷᠬᠢᠮᠯᠡᠬᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠬᠤ ᠮᠦᠷᠳᠡᠭᠡᠨ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠬᠤ᠂ ᠬᠤᠯᠪᠣᠭᠳᠠᠯ ᠪᠥᠬᠦᠶ ᠭᠠᠵᠠᠷ ᠣᠷᠣᠨ ᠪᠠ ᠨᠢᠭᠡᠴᠡ | ᠶᠢᠨ ᠲᠣᠪᠣᠶᠢᠮ᠎ᠠ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠬᠤ ᠬᠦᠴᠦᠲᠡᠶ ᠭᠠᠷᠳᠠᠴᠠ ᠪᠤᠯᠬᠤ ᠶᠤᠮ᠃ ᠰᠢᠯᠤᠭᠤᠨ | ᠬᠥᠬᠡ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ | ᠭᠡᠰᠢᠭᠦᠨ᠂ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠪᠥᠬᠦ ᠲᠠᠯ᠎ᠠ ᠶᠢᠨ | ᠤᠬᠠᠮᠰᠠᠷ ᠢ ᠪᠣᠶ ᠪᠤᠯᠭᠠᠨ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ | ᠬᠤᠪᠢᠷᠠᠭᠤᠯᠵᠤ᠂ ᠰᠤᠷᠤᠯᠴᠠᠬᠤ ᠪᠠᠶᠢᠴᠠᠭᠠᠨ ᠵᠠᠯᠠᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠳᠡᠭᠡᠷ᠎ᠡ | ᠦᠷᠭᠦᠯᠵᠢᠯᠡᠨ ᠬᠦᠴᠦ ᠣᠷᠣᠭᠤᠯᠵᠤ᠂ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠦᠵᠡᠯ ᠰᠠᠨᠠᠭᠠᠨ ᠤ | ᠤᠬᠠᠮᠰᠠᠷ ᠪᠣᠯᠤᠨ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠷᠭᠠᠴᠠᠭᠠᠬᠤ ᠪᠠ | ᠲᠦᠷ ᠬᠤᠭᠤᠴᠠᠭ᠎ᠠ ᠶᠠᠪᠤᠭᠳᠠᠭᠤᠯᠬᠤ ᠦᠵᠡᠯ ᠰᠠᠨᠠᠭ᠎ᠠ ᠶᠢ ᠡᠷᠡᠰ ᠳᠡᠪᠴᠢᠨ᠂ ᠠᠵᠢᠯ ᠢᠶᠠᠨ ᠨᠠᠩ ᠯᠠᠪᠳᠠᠭᠤᠨ | ᠪᠠᠲᠤᠲᠠᠶ᠂ ᠨᠠᠩ ᠭᠦᠨᠵᠡᠭᠡᠶ ᠪᠣᠳᠠᠲᠠᠶ ᠬᠢᠵᠦ᠂ ᠰᠤᠷᠤᠯᠴᠠᠯᠭ᠎ᠠ ᠶᠢᠨ ᠶᠠᠰᠤ ᠴᠢᠨᠠᠷ ᠢ ᠪᠠᠳᠤᠯᠠᠨ᠂ ᠪᠦᠲᠦᠮᠵᠢᠲᠡᠶ | ᠦᠭᠡᠷᠡᠴᠢᠯᠡᠨ ᠴᠡᠭᠴᠡᠯᠡᠬᠦ ᠬᠡᠷᠡᠭᠲᠡᠶ ᠭᠡᠵᠦ ᠵᠢᠭᠠᠵᠤ ᠭᠠᠷᠭᠠᠭᠰᠠᠨ ᠪᠠᠶᠢᠨ᠎ᠠ᠃ | ᠹᠧᠩ ᠵᠢᠶᠠᠨ ᠵᠢᠶᠦ᠋ᠨ ᠣᠪᠣᠷ ᠢᠶᠠᠨ ᠢᠯᠡᠳᠬᠡᠬᠦ ᠳᠡᠭᠡᠨ᠂ ᠪᠥᠬᠦ ᠬᠤᠰᠢᠭᠤ ᠪᠠᠷ ᠢᠶᠠᠨ ᠠᠶᠢᠮᠠᠭ ᠤᠨ ᠨᠠᠮ ᠤᠨ | ᠬᠤᠷᠢᠶᠠᠨ ᠤ ᠲᠣᠮᠢᠯᠠᠭᠰᠠᠨ ᠬᠢᠨᠠᠨ ᠵᠢᠯᠣᠭᠤᠳᠬᠤ ᠳᠤᠭᠤᠶᠢᠯᠠᠩ ᠤᠨ ᠤᠯᠤᠰ ᠲᠥᠷᠥ ᠶᠢᠨ ᠵᠤᠷᠢᠯᠳᠠ ᠶᠢ ᠭᠦᠨᠵᠡᠭᠡᠶ | ᠲᠠᠨᠢᠵᠤ᠂ ᠤᠯᠤᠰ ᠲᠥᠷᠥ ᠶᠢᠨ ᠤᠬᠠᠮᠰᠠᠷ ᠢᠶᠠᠨ ᠤᠯᠠᠮ ᠴᠢᠩᠭᠠᠳᠬᠠᠨ᠂ ᠬᠢᠨᠠᠨ ᠵᠢᠯᠣᠭᠤᠳᠬᠤ ᠱᠠᠭᠠᠷᠳᠠᠯᠭ᠎ᠠ ᠶᠢ | ᠡᠷᠡᠰ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ | ᠰᠡᠳᠬᠢᠯᠭᠡ᠂ ᠲᠤᠯᠭᠠᠮ ᠪᠣᠳᠣᠯ ᠢᠶᠠᠨ ᠦᠨᠡᠨ ᠬᠦ ᠴᠢᠩᠭᠠᠳᠬᠠᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ | ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠭᠡᠨ᠂ ᠰᠠᠨᠠᠭᠠᠴᠢᠯᠠᠭ᠎ᠠ ᠠᠴᠠ ᠪᠠᠨ | ᠵᠣᠯᠭᠠᠭᠤᠯᠤᠨ ᠬᠠᠮᠵᠢᠯᠴᠠᠵᠤ᠂ ᠬᠢᠨᠠᠨ ᠵᠢᠯᠣᠭᠤᠳᠬᠤ ᠪᠠᠶᠢᠴᠠᠭᠠᠯᠲᠠ ᠶᠢ ᠪᠥᠬᠦ ᠬᠦᠴᠦ ᠪᠠᠷ ᠢᠶᠠᠨ ᠪᠠᠲᠤᠯᠠᠵᠤ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠦᠨᠡᠨ ᠬᠦ ᠦᠷ᠎ᠡ ᠪᠦᠲᠦᠮᠵᠢ | ᠭᠠᠷᠭᠠᠵᠤ᠂ ᠰᠠᠶᠢᠳᠤᠷ ᠠᠬᠢᠭᠤᠯᠬᠤ ᠪᠠᠷ ᠴᠢᠷᠮᠠᠶᠢᠨ᠎ᠠ ᠭᠡᠯᠡ᠃ | ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ | ᠬᠤᠷᠢᠶ᠎ᠠ᠂ ᠪᠠᠶᠢᠴᠠᠭᠠᠬᠤ ᠬᠤᠷᠢᠶᠠᠨ ᠤ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ | |