ᠰᠢᠯᠤᠭᠤᠨ ᠬᠥᠬᠡ ᠬᠤᠰᠢᠭᠤᠨ ᠤ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠴᠡᠭ ᠪᠣᠯᠤᠭᠰᠠᠨ ᠤ ᠬᠤᠪᠢ ᠳᠤ᠂ | ᠰᠠᠩ ᠤᠨ ᠳᠠᠯᠠᠶ ᠭᠠᠯᠲᠤ ᠲᠡᠷᠭᠡᠨ ᠥᠷᠲᠡᠭᠡ 1995 ᠣᠨ ᠤ 12 ᠰᠠᠷ᠎ᠠ ᠳᠤ ᠪᠠᠶᠢᠭᠤᠯᠤᠭᠳᠠᠭᠰᠠᠨ ᠠᠴᠠ | ᠠᠪᠤᠭᠠᠳ ᠣᠳᠣ ᠪᠣᠯᠲᠠᠯ᠎ᠠ ᠨᠢᠭᠡᠨᠲᠡ 30 ᠵᠢᠯ ᠪᠤᠯᠵᠤ ᠪᠠᠶᠢᠭ᠎ᠠ ᠶᠤᠮ᠃ ᠤᠷᠳᠤ ᠤᠳᠠᠭᠠᠨ ᠴᠠᠭ ᠬᠤᠭᠤᠴᠠᠭ᠎ᠠ ᠶᠢ | ᠦᠩᠭᠡᠷᠡᠭᠡᠭᠡᠳ ᠤᠤᠯ ᠤᠨ ᠬᠡᠪᠴᠢᠶ᠎ᠡ ᠪᠠ ᠲᠥᠬᠦᠭᠡᠷᠦᠮᠵᠢ ᠨᠢ ᠡᠳᠦᠷ ᠢᠷᠡᠬᠦᠶ᠎ᠡ ᠨᠡᠮᠡᠭᠳᠡᠵᠦ ᠪᠠᠶᠭ᠎ᠠ ᠲᠡᠭᠡᠭᠡᠪᠦᠷᠢ ᠶᠢᠨ | ᠬᠡᠷᠡᠭᠴᠡᠭᠡ ᠶᠢ ᠬᠠᠩᠭᠠᠵᠤ ᠳᠡᠶᠢᠯᠭᠦ ᠦᠭᠡᠢ ᠪᠤᠯᠤᠭᠰᠠᠨ ᠠᠴᠠ ᠡᠨᠡ ᠵᠢᠯ ᠤᠨ 3 ᠰᠠᠷ᠎ᠠ ᠳᠤ ᠡᠨᠡ ᠬᠦ ᠬᠠᠭᠤᠴᠢᠨ | ᠥᠷᠲᠡᠭᠡ ᠶᠢ ᠪᠥᠬᠦ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠡᠬᠢᠯᠡᠭᠦᠯᠵᠦ᠂ | ᠥᠷᠲᠡᠭᠡᠨ ᠤ ᠬᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ᠂ ᠥᠷᠲᠡᠭᠡᠨ ᠤ ᠡᠮᠦᠨᠡᠬᠢ ᠲᠠᠯᠠᠪᠠᠶ ᠶᠢ ᠦᠷᠭᠡᠳᠭᠡᠭᠦ | ᠵᠢᠴᠢ ᠲᠡᠷᠭᠡᠨ ᠵᠣᠭᠰᠣᠭᠠᠯ ᠵᠡᠷᠭᠡ ᠢᠵᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠰᠢᠨᠡᠳᠭᠡᠭᠦ ᠠᠵᠢᠯ ᠶᠠᠭ | ᠶᠠᠭᠠᠷᠠᠯᠲᠠᠶ ᠶᠠᠪᠤᠭᠳᠠᠵᠤ ᠪᠠᠶᠢᠨ᠎ᠠ᠃ | ᠪᠠᠷᠢᠯᠭ᠎ᠠ ᠡᠬᠢᠯᠡᠭᠰᠡᠨ ᠠᠴᠠ ᠨᠠᠭᠠᠰᠢ᠂ 60 ᠭᠠᠷᠤᠶ ᠠᠵᠢᠯᠴᠢᠳ ᠴᠠᠭ ᠪᠠᠴᠢᠮ᠂ ᠡᠭᠦᠷᠭᠡ ᠬᠦᠨᠳᠦ᠂ | ᠠᠵᠢᠯ ᠤᠨ ᠣᠷᠴᠢᠨ ᠲᠣᠭᠤᠷᠢᠨ ᠪᠤᠳᠤᠯᠢᠶᠠᠨᠲᠠᠶ ᠵᠡᠷᠭᠡ ᠣᠯᠠᠨ ᠵᠦᠶᠯ ᠤᠨ ᠬᠦᠴᠢᠷ ᠪᠡᠷᠬᠡᠰᠢᠶᠡᠯ ᠢ ᠢᠯᠡᠨ ᠳᠠᠪᠠᠵᠤ᠂ | ᠪᠠᠷᠢᠯᠭ᠎ᠠ ᠶᠢᠨ ᠲᠥᠰᠦᠯ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ᠂ ᠡᠬᠢ ᠪᠠᠶᠠᠯᠢᠭ ᠢ ᠣᠨᠣᠪᠴᠢᠲᠠᠶ | ᠠᠰᠢᠭᠯᠠᠬᠤ ᠵᠡᠷᠭᠡ ᠪᠠᠷ ᠲᠥᠷᠥᠯ ᠵᠦᠶᠯ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠪᠠᠷ ᠴᠢᠷᠮᠠᠶᠢᠵᠦ ᠪᠤᠢ᠃ | ᠲᠥᠷᠥᠯ ᠵᠦᠶᠯ ᠤᠨ ᠬᠡᠯᠳᠡᠰ ᠤᠨ ᠳᠠᠷᠤᠭ᠎ᠠ ᠸᠠᠩ ᠮᠢᠩ ᠮᠢᠩ ᠬᠡᠯᠡᠬᠦ ᠳᠡᠭᠡᠨ᠄ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠥᠷᠲᠡᠭᠡᠨ ᠤ ᠪᠠᠷᠠᠭᠤᠨ ᠲᠠᠯ᠎ᠠ ᠶᠢᠨ ᠲᠠᠭᠠᠯᠳᠠ ᠪᠠᠷᠢᠯᠭ᠎ᠠ ᠶᠢ | ᠨᠢᠭᠡᠨᠲᠡ ᠪᠠᠷᠢᠵᠤ ᠳᠠᠭᠤᠰᠬᠠᠨ᠂ ᠵᠡᠭᠦᠨ ᠲᠠᠯ᠎ᠠ ᠶᠢᠨ ᠲᠠᠭᠠᠯᠳᠠ ᠪᠠᠷᠢᠯᠭ᠎ᠠ ᠶᠢ ᠡᠨᠡ ᠰᠠᠷ᠎ᠠ ᠳᠠᠭᠤᠰᠬᠠᠬᠤ ᠪᠠᠷ ᠪᠤᠢ᠃ | 12.5 ᠮᠧᠲᠷ ᠥᠨᠳᠥᠷ ᠰᠡᠷᠡᠯᠵᠢᠨ ᠪᠦᠲᠦᠴᠡᠳᠦ ᠲᠡᠷᠭᠡ ᠬᠦᠯᠢᠶᠡᠬᠦ ᠲᠢᠩᠬᠢᠮ ᠢ 7 ᠰᠠᠷ᠎ᠠ ᠶᠢᠨ ᠡᠬᠢ ᠪᠠᠷ ᠣᠷᠣᠶ | ᠶᠢ ᠨᠢ ᠪᠢᠳᠡᠭᠦᠮᠵᠢᠯᠡᠵᠦ᠂ ᠪᠦᠬᠦᠶᠢᠯᠡ ᠪᠠᠷᠢᠯᠭ᠎ᠠ ᠶᠢ ᠵᠢᠯ ᠤᠨ ᠡᠴᠦᠰ ᠲᠤ ᠳᠠᠭᠤᠰᠬᠠᠨ ᠠᠰᠢᠭᠯᠠᠯᠲᠠ ᠳᠤ | ᠣᠷᠣᠭᠤᠯᠬᠤ ᠪᠠᠷ ᠪᠠᠶᠢᠨ᠎ᠠ ᠭᠡᠯᠡ᠃ | ᠣᠶᠢᠯᠠᠭᠠᠭᠰᠠᠨ ᠢᠶᠠᠷ᠂ ᠥᠭᠡᠷᠡᠴᠢᠯᠡᠨ ᠪᠠᠶᠢᠭᠤᠯᠤᠭᠰᠠᠨ ᠤ ᠳᠠᠷᠠᠭᠠᠬᠢ ᠰᠠᠩ ᠤᠨ ᠲᠡᠯᠡᠶ ᠭᠠᠯᠲᠤ ᠲᠡᠷᠭᠡᠨ | ᠥᠷᠲᠡᠭᠡᠨ ᠤ ᠪᠠᠷᠢᠯᠭ᠎ᠠ ᠶᠢᠨ ᠲᠠᠯᠠᠪᠠᠶ ᠨᠢ 2030.6 ᠲᠡᠭᠰᠢ ᠳᠥᠷᠪᠡᠯᠵᠢᠨ ᠮᠧᠲᠷ᠂ ᠶᠡᠷᠦᠩᠬᠡᠶᠢᠯᠡᠭᠰᠡᠨ ᠠᠰᠠᠷ ᠤᠨ | ᠪᠠᠷᠢᠯᠭ᠎ᠠ ᠶᠢᠨ ᠲᠠᠯᠠᠪᠠᠶ ᠨᠢ 2367.5 ᠲᠡᠭᠰᠢ ᠳᠥᠷᠪᠡᠯᠵᠢᠨ ᠮᠧᠲᠷ᠂ ᠥᠷᠲᠡᠭᠡᠨ ᠡᠮᠦᠨᠡᠬᠢ ᠲᠠᠯᠠᠪᠠᠶ 18500 | ᠲᠡᠭᠰᠢ ᠳᠥᠷᠪᠡᠯᠵᠢᠨ ᠮᠧᠲᠷ ᠪᠠᠶᠢᠵᠦ᠂ ᠡᠭᠦᠨ ᠳᠤ ᠵᠠᠮ ᠤᠨ ᠲᠠᠯᠠᠪᠠᠶ ᠨᠢ ᠪᠠᠷᠤᠭ 6800 ᠲᠡᠭᠰᠢ ᠳᠥᠷᠪᠡᠯᠵᠢᠨ | ᠮᠧᠲᠷ᠂ ᠲᠡᠷᠭᠡᠨ ᠵᠣᠭᠰᠣᠭᠠᠯ ᠤᠨ ᠲᠠᠯᠠᠪᠠᠶ ᠪᠠᠷᠤᠭ 3850 ᠲᠡᠭᠰᠢ ᠳᠥᠷᠪᠡᠯᠵᠢᠨ ᠮᠧᠲᠷ ᠬᠦᠷᠦᠨ᠎ᠡ᠃ ᠪᠤᠰᠤᠳ | ᠨᠣᠭᠤᠭᠠᠷᠠᠭᠤᠯᠤᠯᠲᠠ ᠪᠠ ᠬᠠᠲᠠᠭᠤᠷᠠᠭᠤᠯᠤᠯᠲᠠ ᠶᠢ ᠲᠥᠯᠥᠪᠵᠢᠭᠦᠯᠦᠨ ᠪᠠᠶᠢᠭᠤᠯᠵᠤ᠂ ᠣᠷᠴᠢᠨ ᠲᠣᠭᠤᠷᠢᠨ | ᠲᠤᠬᠢᠯᠢᠭ᠂ ᠴᠢᠳᠠᠮᠵᠢ ᠨᠢ ᠪᠦᠷᠢᠨ ᠲᠡᠭᠦᠯᠳᠡᠷ ᠣᠳᠣᠬᠢᠴᠢᠯᠠᠭᠰᠠᠨ ᠵᠠᠮ ᠬᠠᠷᠢᠯᠴᠠᠭᠠᠨ ᠤ ᠴᠢᠭ ᠢ ᠴᠣᠭᠴᠠᠯᠠᠨ | ᠪᠠᠶᠢᠭᠤᠯᠬᠤ ᠪᠤᠯᠤᠨ᠎ᠠ᠃ | ᠰᠠᠩ ᠤᠨ ᠲᠡᠯᠡᠶ ᠭᠠᠯᠲᠤ ᠲᠡᠷᠭᠡᠨ ᠦᠷᠳᠡᠭᠡ ᠨᠢ ᠵᠢᠨᠢᠩ ᠠᠴᠠ ᠲᠦᠩᠯᠢᠶᠣᠤ ᠬᠥᠷᠬᠦ ᠲᠡᠮᠦᠷ ᠵᠠᠮ ᠪᠣᠯᠤᠨ | ᠰᠢ ᠰᠠᠩ ᠲᠡᠮᠦᠷ ᠵᠠᠮ ᠤᠨ ᠠᠭᠤᠯᠵᠠᠷ ᠲᠤ ᠣᠷᠣᠰᠢᠵᠤ᠂ ᠵᠢᠨᠢᠩ ᠠᠴᠠ ᠲᠦᠩᠯᠢᠶᠣᠤ ᠬᠥᠷᠬᠦ ᠲᠡᠮᠦᠷ ᠵᠠᠮ ᠪᠣᠯᠤᠨ | ᠰᠢᠯᠢᠩᠬᠤᠲᠠ ᠠᠴᠠ ᠤᠯᠠᠨ ᠭᠠᠵᠠᠷ ᠬᠦᠷᠬᠦ ᠵᠠᠮ ᠱᠤᠭᠤᠮ ᠢᠶᠠᠷ ᠪᠦᠷᠢᠯᠳᠦᠭᠰᠡᠨ ᠲᠣᠨᠣᠯᠵᠢᠨ ᠬᠡᠯᠪᠡᠷᠢ ᠶᠢᠨ ᠲᠡᠮᠦᠷ | ᠵᠠᠮ ᠤᠨ ᠲᠣᠤᠷ ᠲᠤ ᠴᠢᠬᠤᠯᠠ ᠦᠶᠯᠡᠳᠦᠯ ᠪᠠᠳᠠᠷᠠᠭᠤᠯᠵᠤ ᠪᠠᠶᠢᠬᠤ ᠪᠦᠭᠡᠳ ᠡᠨᠡᠬᠦ ᠬᠤᠶᠠᠷ ᠵᠠᠮ ᠱᠤᠭᠤᠮ ᠳᠤ | ᠳᠦᠰᠢᠭᠯᠡᠨ ᠲᠠᠢ ᠰᠢ ᠳᠡᠮᠦᠷ ᠵᠠᠮ ᠲᠠᠢ ᠬᠤᠯᠪᠤᠯᠳᠤᠵᠤ᠂ ᠠᠶᠠᠨᠴᠢᠳ ᠤᠨ ᠪᠠ ᠪᠠᠷᠠᠭᠠᠨ ᠤ ᠲᠡᠭᠡᠭᠡᠪᠦᠷᠢ ᠳᠤ | ᠴᠢᠬᠤᠯᠠ ᠦᠢᠯᠡᠳᠦᠯ ᠦᠵᠡᠭᠦᠯᠵᠦ ᠪᠤᠢ᠃ | ᠥᠩᠭᠡᠷᠡᠭᠰᠡᠨ ᠳᠤ ︽ᠲᠠᠯ᠎ᠠ ᠨᠤᠲᠤᠭ ᠤᠨ ᠭᠠᠯ ᠳᠡᠷᠭᠡᠨ ᠥᠷᠲᠡᠭᠡ︾ ᠪᠠᠶᠢᠭᠰᠠᠨ ᠠᠴᠠ ᠢᠷᠡᠭᠡᠳᠦᠶ ᠶᠢᠨ | ︽ᠣᠳᠣᠬᠢᠴᠢᠯᠠᠭᠰᠠᠨ ᠭᠤᠤᠯ ᠦᠷᠳᠡᠭᠡ︾ ᠪᠤᠯᠬᠤ ᠳᠤ ᠰᠠᠩ ᠤᠨ ᠲᠡᠯᠡᠶ ᠭᠠᠯᠲᠤ ᠲᠡᠷᠭᠡᠨ ᠥᠷᠲᠡᠭᠡ | ᠦᠰᠦᠷᠦᠩᠭᠦᠢ ᠬᠥᠭᠵᠢᠯᠲᠡ ᠶᠢ ᠪᠡᠶᠡᠯᠡᠭᠦᠯᠵᠦ᠂ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠠᠬᠢᠴᠠ ᠶᠢ | ᠳᠠᠭᠠᠯᠳᠤᠨ ᠴᠤ᠋ ᠰᠢᠨ᠎ᠡ ᠲᠦᠷᠢ ᠲᠦᠷᠬᠦ ᠪᠠᠷ ᠠᠰᠢᠭᠯᠠᠯᠲᠠ ᠳᠤ ᠣᠷᠣᠬᠤ ᠪᠤᠯᠤᠯ᠎ᠠ᠃ ᠡᠨᠡ ᠨᠢ ᠠᠶᠠᠨᠴᠢᠳ ᠤᠨ | ᠶᠠᠪᠤᠵᠤ ᠰᠠᠭᠤᠬᠤ ᠳᠤ ᠳᠥᠭᠦᠮ ᠪᠤᠯᠭᠠᠨ᠂ ᠳᠠᠭᠠᠯᠠᠮᠵᠢᠳᠠᠢ ᠤᠷᠴᠢᠨ ᠳᠤᠭᠤᠷᠢᠨ ᠬᠠᠩᠭᠠᠬᠤ ᠪᠠᠷ ᠪᠠᠷᠠᠬᠤ ᠦᠭᠡᠢ | ᠲᠡᠮᠦᠷ ᠵᠠᠮ ᠤᠨ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠠᠵᠤ ᠠᠬᠤᠶ | ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ | | | |