ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠪᠥᠬᠦ ᠬᠤᠰᠢᠭᠤᠨ ᠤ ᠤᠳᠤᠷᠢᠳᠬᠤ ᠺᠠᠳ᠋ᠷ ᠤᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ | ᠰᠠᠶᠢᠲᠤᠷ ᠬᠢᠬᠦ ᠴᠢᠳᠠᠪᠤᠷᠢ ᠪᠠ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ | ᠶᠢᠨ 26 ᠤ ᠡᠳᠦᠷ ᠰᠢᠯᠤᠭᠤᠨ ᠬᠥᠬᠡ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ᠃ | ᠪᠣᠯᠪᠠᠰᠤᠷᠠᠯ ᠢᠶᠠᠷ ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ | ᠵᠠᠬᠢᠷᠤᠯ᠂ ᠳᠡᠭᠡᠳᠦ ᠵᠡᠷᠭᠡ ᠶᠢᠨ ᠯᠧᠺᠲ᠋ᠣᠷ ᠪᠠᠶ ᠯᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠶᠢᠨ ᠤᠬᠠᠮᠰᠠᠷ ᠢ ᠪᠠᠲᠤ ᠪᠤᠢ ᠪᠣᠯᠭᠠᠵᠤ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠶ᠎ᠠ︾ ᠭᠡᠬᠦ ᠰᠡᠳᠦᠪ | ᠢᠶᠠᠷ ᠤᠨᠤᠯ ᠦᠢᠯᠡᠳᠦᠯᠭᠡ ᠶᠢ ᠤᠶᠠᠯᠳᠤᠭᠤᠯᠤᠭᠰᠠᠨ ᠲᠠᠶᠢᠯᠤᠮᠵᠢ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠬᠥᠭᠵᠢᠯᠲᠡ | ᠶᠢᠨ ᠭᠤᠤᠯᠳᠠᠯᠭ᠎ᠠ᠂ ᠰᠢᠨᠵᠢᠯᠡᠬᠦ ᠤᠬᠠᠭᠠᠨᠴᠢ ᠰᠢᠰᠲ᠋ᠧᠮ ᠪᠠ ᠴᠢᠬᠤᠯᠠ ᠠᠭᠤᠯᠭ᠎ᠠ ᠶᠢ ᠰᠢᠰᠲ᠋ᠧᠮ ᠲᠠᠢ ᠲᠠᠶᠢᠯᠪᠤᠷᠢᠯᠠᠨ᠂ | ᠰᠢᠯᠢ ᠶᠢᠨ ᠭᠤᠤᠯ ᠠᠶᠢᠮᠠᠭ ᠤᠨ ᠪᠣᠳᠠᠲᠤ ᠪᠠᠶᠢᠳᠠᠯ ᠠᠴᠠ ᠡᠭᠦᠰᠴᠦ ᠪᠤᠳᠠᠳᠠᠢ ᠵᠢᠱᠢᠶ᠎ᠠ᠂ ᠨᠠᠷᠢᠯᠢᠭ ᠲᠤᠭ᠎ᠠ | ᠪᠠᠷᠢᠮᠲᠠ ᠪᠠ ᠬᠡᠷᠡᠭ ᠤᠨ ᠵᠢᠱᠢᠶ᠎ᠡ ᠪᠠᠷ ᠡᠰᠢ ᠳᠠᠳᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠡᠯᠪᠡᠭ ᠪᠠᠶᠠᠯᠢᠭ | ᠠᠭᠤᠯᠤᠭᠳᠠᠬᠤᠨ ᠪᠠ ᠦᠶᠯᠡᠳᠦᠯᠭᠡ ᠶᠢᠨ ᠠᠷᠭ᠎ᠠ ᠵᠠᠮ ᠢ ᠲᠣᠳᠣᠷᠬᠠᠶᠢᠯᠠᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠬᠠᠶ ᠤᠯᠠᠨ ᠤ ᠲᠠᠨᠢᠯᠲᠠ ᠶᠢ ᠬᠦᠨᠵᠡᠭᠡᠶᠢᠷᠡᠭᠦᠯᠦᠭᠰᠡᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠡᠦ ᠵᠢᠶᠠᠨ ᠴᠢᠩ ︽ᠨᠠᠮ | ᠵᠠᠰᠠᠭ ᠤᠨ ᠪᠠᠶᠢᠭᠤᠯᠭ᠎ᠠ ᠶᠢᠨ ᠰᠠᠶᠢᠲᠤᠷ ᠠᠷᠪᠢᠯᠠᠨ ᠭᠠᠮᠨᠠᠵᠤ ᠪᠦᠷᠢᠯᠭᠡᠨ ᠰᠦᠶᠳᠬᠡᠬᠦ ᠶᠢ ᠡᠰᠡᠷᠭᠦᠴᠡᠬᠦ ᠲᠦᠷᠢᠮ︾ | ᠤᠨ ᠲᠤᠬᠠᠶ ᠭᠦᠨᠵᠡᠭᠡᠶ ᠲᠠᠶᠢᠯᠤᠮᠵᠢ ᠬᠢᠵᠦ᠂ ᠪᠣᠯᠪᠠᠰᠤᠷᠠᠯ ᠳᠤ ᠣᠷᠣᠯᠴᠠᠭᠰᠠᠨ ᠺᠠᠳ᠋ᠷᠴᠤᠳ ᠲᠤ ᠡᠬᠢ ᠪᠠᠶᠠᠯᠢᠭ ᠢ | ᠠᠷᠪᠢᠯᠠᠬᠤ᠂ ᠪᠦᠷᠢᠯᠭᠡᠨ ᠰᠦᠶᠳᠬᠡᠬᠦ ᠶᠢ ᠡᠰᠡᠷᠭᠦᠴᠡᠬᠦ ᠶᠢᠨ ᠴᠢᠬᠤᠯᠠ ᠠᠴᠢ ᠬᠤᠯᠪᠣᠭᠳᠠᠯ ᠢ ᠪᠥᠬᠦ ᠲᠠᠯ᠎ᠠ ᠪᠠᠷ | ᠳᠠᠶᠢᠯᠪᠤᠷᠢᠯᠠᠨ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠨᠠᠬᠢᠶ᠎ᠠ ︽ᠵᠢᠷᠭᠤᠭᠠᠨ | ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢᠶᠠᠷ ᠰᠡᠳᠦᠪᠯᠡᠵᠦ ᠪᠣᠳᠠᠲᠤ ᠵᠢᠱᠢᠶ᠎ᠡ ᠲᠠᠢ ᠤᠶᠠᠯᠳᠤᠭᠤᠯᠤᠨ᠂ | ︽ᠵᠢᠷᠭᠤᠭᠠᠨ ᠥᠭᠦᠯᠡᠪᠦᠷᠢ︾ ᠶᠢᠨ ᠲᠡᠦᠬᠡᠨ ᠤᠯᠠ ᠮᠦᠷ᠂ ᠣᠨᠣᠯ ᠤᠨ ᠰᠠᠭᠤᠷᠢ ᠪᠠ ᠴᠠᠭ ᠦᠶ᠎ᠡ ᠶᠢᠨ ᠦᠨ᠎ᠡ | ᠥᠷᠲᠡᠭ ᠢ ᠰᠢᠰᠲ᠋ᠧᠮ ᠲᠠᠢ ᠲᠠᠶᠢᠯᠪᠤᠷᠢᠯᠠᠵᠠᠢ᠃ | ᠪᠤᠯᠪᠠᠰᠤᠷᠠᠯ ᠳᠡᠭᠡᠷ᠎ᠡ᠂ ᠤᠯᠠᠨ ᠢᠶᠠᠷ ᠢᠶᠠᠨ ᠪᠠᠰᠠ ᠥᠪᠥᠷ ᠮᠣᠩᠭᠤᠯ ᠤᠨ ᠰᠦᠯᠵᠢᠶᠡᠨ ᠤ ᠳᠡᠭᠡᠳᠦ | ᠰᠤᠷᠭᠠᠭᠤᠯᠢ ᠶᠢᠨ ᠰᠤᠩᠭᠤᠳᠠᠭ ᠬᠢᠴᠢᠶᠡᠯ ︽ᠥᠪᠥᠷ ᠮᠣᠩᠭᠤᠯ ᠤᠨ ᠲᠡᠦᠬᠡ ᠰᠣᠶᠣᠯ ᠢ ᠰᠠᠶᠢᠲᠤᠷ ᠤᠬᠠᠭᠤᠯᠵᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠶ᠎ᠠ︾ ᠭᠡᠬᠦ ᠬᠢᠴᠢᠶᠡᠯ | ᠢ ᠰᠤᠨᠤᠰᠤᠭᠰᠠᠨ ᠪᠠᠶᠢᠨ᠎ᠠ᠃ | ᠲᠣᠰ ᠤᠳᠠᠭᠠᠨ ᠤ ᠪᠣᠯᠪᠠᠰᠤᠷᠠᠯ ᠨᠢ ᠠᠭᠤᠯᠭ᠎ᠠ ᠪᠠᠶᠠᠯᠢᠭ ᠪᠥᠭᠡᠳ ᠪᠣᠳᠠᠲᠤ ᠬᠡᠷᠡᠭᠴᠡᠭᠡ ᠲᠠᠢ ᠪᠠᠶᠢᠵᠤ᠂ | ᠤᠷᠤᠯᠴᠠᠭᠰᠠᠳ ᠤᠨ ᠬᠠᠮᠢᠶ᠎ᠠ ᠪᠥᠬᠦᠶ ᠣᠨᠣᠯ ᠲᠥᠷᠥ ᠶᠢᠨ ᠪᠣᠳᠣᠯᠭ᠎ᠠ ᠶᠢᠨ ᠲᠤᠬᠠᠢ ᠤᠶᠢᠯᠠᠭᠠᠯᠳᠠ ᠶᠢ | ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ | ᠦᠶᠯᠡᠳᠦᠯᠭᠡ ᠪᠠᠨ ᠵᠢᠯᠣᠭᠤᠳᠣᠭᠤᠯᠬᠤ᠂ ᠠᠵᠢᠯ ᠢᠶᠠᠨ ᠠᠬᠢᠭᠤᠯᠬᠤ ᠦᠵᠡᠯ ᠰᠠᠨᠠᠭᠠᠨ ᠤ ᠤᠬᠠᠮᠰᠠᠷ ᠪᠠ ᠦᠶᠯᠡ | ᠠᠵᠢᠯᠯᠠᠭᠠᠨ ᠤ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃ ᠤᠯᠠᠨ ᠢᠶᠠᠷ ᠢᠶᠠᠨ᠂ ᠬᠤᠶᠢᠰᠢᠳᠠ ᠠᠵᠢᠯ ᠤᠨ | ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠠᠢ | ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠤ | ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠠᠬᠢᠭᠤᠯᠤᠨ᠎ᠠ ᠭᠡᠵᠡᠭᠡᠵᠦ ᠪᠠᠶᠢᠯ᠎ᠠ᠃ | ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠡᠯ᠎ᠡ ᠬᠡᠯᠳᠡᠰ ᠵᠥᠪᠯᠡᠯ ᠠᠯᠪᠠᠨ | ᠬᠡᠷ ᠲᠣᠪᠴᠢᠶ᠎ᠠ ᠵᠢᠴᠢ ᠠᠵᠢᠯ ᠦᠶᠯᠡᠰ ᠤᠨ ᠨᠢᠭᠡᠴᠡ ᠶᠢᠨ 70 ᠭᠠᠷᠤᠶ ᠰᠠᠯᠠᠭᠠᠨ ᠲᠠᠰ ᠤᠨ ᠤᠳᠤᠷᠢᠳᠤᠯᠭ᠎ᠠ ᠭᠤᠤᠯ | ᠬᠢᠴᠢᠶᠡᠯ ᠤᠨ ᠲᠠᠩᠬᠢᠮ ᠤᠨ ᠪᠣᠯᠪᠠᠰᠤᠷᠠᠯ ᠳᠤ ᠣᠷᠣᠯᠴᠠᠵᠤ᠂ 400 ᠭᠠᠷᠤᠶ ᠨᠠᠮ ᠤᠨ ᠭᠡᠰᠢᠭᠦᠨ᠂ ᠺᠠᠳ᠋ᠷ | ᠬᠤᠪᠢᠶᠠᠷᠢ ᠬᠢᠴᠢᠶᠡᠯ ᠤᠨ ᠲᠠᠩᠬᠢᠮ ᠤᠨ ᠪᠣᠯᠪᠠᠰᠤᠷᠠᠯ ᠳᠤ ᠤᠷᠤᠯᠴᠠᠵᠠᠢ᠃ | |