ᠣᠯᠠᠨ ᠤᠯᠤᠰ ᠤᠨ ᠬᠤᠤᠷ ᠴᠠᠭᠠᠵᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠦᠯ᠎ᠡ
ᠨᠡᠶᠢᠲᠡᠯᠡᠭᠰᠡᠨ ᠴᠠᠭ᠄
2025/6/27
       6 ᠰᠠᠷ᠎ᠠ ᠶᠢᠨ 26 ᠤ ᠡᠳᠦᠷ ᠪᠣᠯ ᠭᠤᠴᠢᠨ ᠨᠠᠶᠮᠠᠳᠠᠬᠢ ︽ᠣᠯᠠᠨ ᠤᠯᠤᠰ ᠤᠨ ᠬᠤᠤᠷ ᠴᠠᠭᠠᠵᠠᠯᠠᠬᠤ ᠡᠳᠦᠷ︾ ᠪᠣᠯᠤᠨ᠎ᠠ᠂ ᠵᠠᠯᠠᠭᠤᠴᠤᠳ ᠪᠠᠭᠠᠴᠤᠳ ᠤᠨ ᠬᠤᠤᠷ ᠢ ᠲᠠᠨᠢᠬᠤ᠂ ᠬᠤᠤᠷ ᠢ ᠰᠡᠷᠭᠡᠶᠢᠯᠡᠬᠦ᠂ ᠬᠤᠤᠷ ᠲᠠᠲᠠᠬᠤ  ᠶᠢ ᠡᠰᠡᠷᠭᠦᠴᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠰᠢᠯᠤᠭᠤᠨ ᠬᠥᠬᠡ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠦᠶᠯᠡᠴᠢᠯᠡᠭᠡᠨ ᠤ ᠲᠥᠪ ᠠᠴᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ᠂ ︽ᠬᠤᠤᠷ ᠢ ᠰᠡᠷᠭᠡᠶᠢᠯᠡᠵᠦ ᠡᠷᠡᠭᠦᠯ ᠠᠮᠢᠳᠤᠷᠠᠯ ᠢ ᠡᠷᠬᠢᠮᠯᠡᠶ᠎ᠡ︾ ᠬᠡᠬᠦ ᠰᠡᠳᠦᠪᠳᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠦ᠂ ᠲᠣᠭᠤᠷᠢᠨ ᠦᠵᠡᠬᠦ᠂ ᠲᠤᠰᠬᠠᠶ ᠮᠡᠷᠭᠡᠵᠢᠯ ᠤᠨ ᠲᠠᠶᠢᠯᠤᠮᠵᠢ ᠰᠤᠨᠤᠰᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠲᠤ ︽ᠬᠤᠤᠷᠲᠤ ᠡᠳ᠋ ᠢ ᠲᠡᠪᠴᠢᠬᠦ︾ ᠶᠢᠨ ᠴᠢᠬᠤᠯᠠ ᠴᠢᠨᠠᠷ ᠢ ᠬᠦᠨᠵᠡᠭᠡᠢ ᠳᠠᠨᠢᠭᠤᠯᠤᠭᠰᠠᠨ ᠪᠠᠶᠢᠨ᠎ᠠ᠃        ᠦᠳᠡ ᠶᠢᠨ ᠬᠤᠶᠢᠨ᠎ᠠ᠂ ᠰᠤᠷᠤᠭᠴᠢᠳ ᠬᠤᠷᠢᠬᠤ ᠭᠠᠵᠠᠷ ᠤᠨ ᠬᠤᠤᠷ ᠴᠠᠭᠠᠵᠠᠯᠠᠬᠤ ᠬᠥᠮᠦᠵᠢᠯ ᠤᠨ ᠰᠠᠭᠤᠷᠢᠨ ᠳᠤ ᠬᠦᠷᠴᠦ᠂ ᠵᠢᠷᠤᠭ ᠰᠡᠬᠦᠳᠡᠷ᠂ ᠬᠤᠤᠷᠲᠤ ᠡᠳ᠋ ᠤᠨ ᠵᠠᠭᠪᠤᠷ ᠵᠡᠷᠭᠡ ᠶᠢ ᠤᠶᠠᠯᠳᠤᠭᠤᠯᠤᠭᠰᠠᠨ ᠲᠠᠶᠢᠯᠪᠤᠷᠢᠯᠠᠯᠳᠠ ᠶᠢ ᠰᠤᠨᠤᠰᠴᠤ᠂ ᠬᠤᠤᠷᠲᠤ ᠡᠳ᠋ ᠤᠨ ᠲᠥᠷᠥᠯ ᠵᠦᠶᠯ᠂ ᠣᠨᠴᠠᠯᠢᠭ ᠰᠢᠨᠵᠢ᠂ ᠬᠤᠤᠷ ᠬᠥᠨᠥᠭᠡᠯ ᠵᠢᠴᠢ ᠬᠤᠤᠷᠲᠤ ᠡᠳ᠋ ᠢ ᠰᠡᠷᠭᠡᠶᠢᠯᠡᠬᠦ ᠠᠷᠭ᠎ᠠ ᠶᠢᠨ ᠲᠤᠬᠠᠢ ᠤᠶᠢᠯᠠᠭᠠᠯᠳᠠ ᠪᠠᠨ ᠬᠦᠨᠵᠡᠭᠡᠶᠢᠷᠡᠭᠦᠯᠵᠦ᠂ ᠪᠤᠳᠠᠳᠠᠢ ᠬᠡᠷᠡᠭ ᠤᠨ ᠵᠢᠱᠢᠶ᠎ᠡ ᠪᠠ ᠬᠤᠤᠷ ᠲᠠᠲᠠᠭᠴᠢ ᠶᠢᠨ ᠵᠢᠷᠤᠭ ᠰᠡᠬᠦᠳᠡᠷ ᠵᠡᠷᠭᠡ ᠠᠴᠠ ᠬᠤᠤᠷᠲᠤ ᠡᠳ᠋ ᠤᠨ ᠬᠤᠪᠢ ᠬᠥᠮᠦᠨ᠂ ᠬᠡᠷ ᠪᠦᠯᠢ ᠵᠢᠴᠢ ᠨᠡᠶᠢᠭᠡᠮ ᠳᠤ ᠤᠴᠠᠷᠠᠭᠤᠯᠬᠤ ᠯᠤᠲᠤ ᠶᠡᠭᠡ ᠬᠤᠤᠷ ᠬᠥᠨᠥᠭᠡᠯ ᠢ ᠮᠡᠳᠡᠷᠡᠭᠰᠡᠨ ᠪᠠᠶᠢᠨ᠎ᠠ᠃        ᠳᠠᠷᠠᠭ᠎ᠠ ᠨᠢ᠂ ᠰᠤᠷᠤᠭᠴᠢᠳ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠶᠢᠨ ᠠᠵᠢᠯᠯᠠᠬᠤ ᠲᠣᠭᠤᠷᠢᠭ ᠲᠤ ᠬᠦᠷᠴᠦ᠂ ᠴᠠᠭᠳᠠᠭᠠᠨ ᠤ ᠲᠣᠨᠤᠭ ᠲᠥᠬᠦᠭᠡᠷᠦᠮᠵᠢ ᠵᠢᠴᠢ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠬᠡᠷᠡᠭ ᠰᠢᠶᠳᠪᠦᠷᠢᠯᠡᠬᠦ ᠶᠠᠪᠤᠴᠠ ᠶᠢ ᠤᠶᠢᠯᠠᠭᠠᠵᠤ᠂ ᠲᠡᠷᠢᠭᠦᠨ ᠤ ᠳᠠᠩᠨᠠᠨ ᠮᠦᠷᠳᠡᠬᠦ ᠮᠡᠷᠭᠡᠵᠢᠯ ᠪᠠ ᠬᠡᠷᠡᠭ ᠢ ᠮᠦᠷᠳᠡᠨ ᠢᠯᠡᠷᠡᠭᠦᠯᠦᠭᠰᠡᠨ ᠵᠢᠱᠢᠶ᠎ᠡ ᠠᠴᠠ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠨᠠᠩ ᠭᠦᠨᠵᠡᠭᠡᠶ ᠲᠠᠨᠢᠯᠲᠠ ᠲᠠᠢ ᠪᠤᠯᠤᠭᠰᠠᠨ ᠢᠶᠠᠷ ᠪᠠᠷᠠᠬᠤ ᠥᠬᠡᠶ ᠬᠠᠤᠯᠢ ᠴᠠᠭᠠᠵᠠ ᠶᠢᠨ ᠰᠦᠷ ᠬᠦᠴᠦᠨ ᠵᠢᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠤᠷᠲᠤ ᠡᠳ᠋ ᠲᠠᠢ ᠬᠤᠯᠪᠤᠭᠳᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠬᠠᠢ ᠤᠶᠢᠯᠠᠭᠠᠯᠳᠠ ᠲᠠᠢ ᠪᠤᠯᠵᠠᠢ᠃        ᠲᠣᠰ ᠤᠳᠠᠭᠠᠨ ᠤ ᠠᠵᠢᠯᠯᠠᠭ᠎ᠠ ᠶᠢ ᠬᠤᠤᠷ ᠴᠠᠭᠠᠵᠠᠯᠠᠬᠤ ᠬᠥᠮᠦᠵᠢᠯ ᠪᠠ ᠳᠣᠲᠣᠭᠠᠳᠤ ᠶᠢ ᠬᠠᠮᠠᠭᠠᠯᠠᠬᠤ ᠠᠵᠢᠯ ᠤᠨ ᠦᠵᠡᠭᠦᠯᠭᠡ ᠶᠢ ᠤᠶᠠᠯᠳᠤᠭᠤᠯᠤᠨ ᠦᠷᠨᠢᠬᠦᠯᠦᠭᠰᠡᠨ ᠨᠢ ᠰᠤᠷᠤᠭᠴᠢᠳ ᠲᠤ ᠠᠮᠢᠳᠤᠯᠢᠭ ᠮᠦᠷᠲᠡᠭᠡᠨ ᠭᠦᠨᠵᠡᠭᠡᠶ ᠨᠡᠶᠢᠭᠡᠮ ᠤᠨ ᠦᠶᠯᠡᠳᠦᠯᠭᠡ ᠶᠢᠨ ᠬᠢᠴᠢᠶᠡᠯ ᠪᠤᠯᠤᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号