︽ᠨᠠᠮ ᠢᠶᠠᠨ ᠳᠠᠭᠠᠵᠤ ᠦᠰᠦᠨ ᠪᠤᠶᠢᠵᠢᠬᠤ︾ ᠭᠤᠤᠯ ᠰᠡᠳᠦᠪᠳᠤ ᠠᠵᠢᠯᠯᠠᠭ᠎ᠠ ᠦᠷᠨᠢᠬᠦᠯᠦᠯ᠎ᠡ
ᠨᠡᠶᠢᠲᠡᠯᠡᠭᠰᠡᠨ ᠴᠠᠭ᠄
2025/6/27
       ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 104 ᠵᠢᠯ ᠤᠨ ᠤᠢ ᠶᠢ ᠪᠡᠯᠭᠡᠯᠡᠵᠦ᠂ ᠬᠡᠦᠬᠡᠳ ᠤᠳ ᠢ ᠵᠢᠯᠤᠭᠤᠳᠤᠨ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠦᠮᠦᠵᠢᠬᠦᠯᠬᠦ  ᠶᠢᠨ ᠲᠤᠰᠠᠳᠠ᠂ 6 ᠰᠠᠷ᠎ᠠ ᠶᠢᠨ 26 ᠤ ᠡᠳᠦᠷ ᠰᠢᠯᠤᠭᠤᠨ ᠬᠦᠬᠡ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠬᠤᠰᠢᠭᠤ ᠡᠮᠡᠭᠲᠡᠶᠢᠴᠦᠳ ᠤᠨ ᠬᠤᠯᠪᠣᠭ᠎ᠠ᠂ ᠱᠠᠩᠳᠤ ᠪᠠᠯᠭᠠᠰᠤ᠂ ᠬᠤᠶᠠᠳᠤᠭᠠᠷ ᠬᠡᠦᠬᠡᠳ ᠤᠨ ᠴᠡᠴᠡᠷᠯᠢᠭ ᠪᠣᠯᠤᠨ ᠬᠤᠶᠠᠷ ᠪᠤᠮᠪᠠ ᠨᠡᠶᠢᠭᠡᠮ ᠲᠣᠭᠤᠷᠢᠭ ᠤᠨ ᠬᠢᠨ  ᠲᠠᠢ ᠬᠠᠮᠳᠤᠷᠠᠨ ︽ᠨᠠᠮ ᠢᠶᠠᠨ ᠲᠠᠭᠠᠵᠥ ᠦᠰᠦᠨ ᠪᠣᠶᠢᠵᠢᠬᠤ︾ ᠭᠤᠣᠯ ᠰᠡᠳᠦᠪᠲᠦ ᠠᠵᠢᠯᠯᠠᠭ᠎ᠠ ᠦᠷᠨᠢᠬᠦᠯᠦᠯ᠎ᠡ᠃        ᠬᠡᠦᠬᠡᠳ ᠤᠳ ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠤᠨ ᠵᠢᠯᠣᠭᠤᠳᠣᠯᠭ᠎ᠠ ᠳᠣᠤᠷ᠎ᠠ ᠬᠤᠶᠠᠷ ᠪᠤᠮᠪᠠ ᠨᠡᠶᠢᠭᠡᠮ ᠲᠣᠭᠤᠷᠢᠭ ᠤᠨ ︽ᠲᠦᠭᠡᠮᠡᠯ ᠬᠠᠶᠢᠷ᠎ᠠ ᠲᠦᠮᠡᠨ ᠡᠷᠦᠬᠡ ᠶᠢ ᠬᠠᠪᠰᠤᠷᠬᠤ︾ ᠬᠠᠶᠢᠷ᠎ᠠ ᠬᠠᠯᠠᠮᠵᠢᠳᠦ ᠢᠳᠡᠰᠢᠨ ᠨᠤᠭᠤᠭᠠᠨ ᠤ ᠬᠦᠷᠢᠶᠡᠯᠡᠩ ᠢ ᠲᠣᠭᠤᠷᠢᠨ ᠦᠵᠡᠵᠦ᠂ ᠡᠳᠦᠷ ᠳᠤᠳᠤᠮ ᠤᠨ ᠨᠤᠭᠤᠭ᠎ᠠ ᠵᠢᠮᠢᠰ ᠤᠨ ᠲᠤᠬᠠᠢ ᠲᠠᠨᠢᠯᠳᠠ ᠲᠠᠢ ᠪᠤᠯᠤᠭᠰᠠᠨ ᠢᠶᠠᠷ ᠪᠠᠷᠠᠬᠤ ᠦᠭᠡᠢ ᠬᠠᠶᠢᠷ᠎ᠠ ᠬᠠᠯᠠᠮᠵᠢᠲᠤ ᠢᠳᠡᠰᠢᠨ ᠨᠤᠭᠤᠭᠠᠨ ᠤ ᠬᠦᠷᠢᠶᠡᠯᠡᠩ ᠢ ᠪᠠᠶᠢᠭᠤᠯᠬᠤ ᠶᠢᠨ ᠴᠢᠬᠤᠯᠠ ᠴᠢᠨᠠᠷ ᠢ ᠤᠶᠢᠯᠠᠭᠠᠵᠠᠢ᠃ ᠡᠭᠦᠨ ᠠᠴᠠ ᠭᠠᠳᠠᠨ᠎ᠠ᠂ ᠪᠢᠴᠢᠬᠠᠨ ᠨᠠᠶᠢᠵᠠ ᠨᠠᠷ ᠳᠡᠭᠦᠭᠰᠡᠨ ᠨᠤᠭᠤᠭ᠎ᠠ ᠵᠢᠮᠢᠰ ᠢᠶᠠᠨ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠬᠦᠷᠭᠡᠵᠦ᠂ ᠪᠦᠬᠦᠶᠢᠯᠡ ᠶᠠᠪᠤᠴᠠ ᠳᠤ ᠪᠤᠰᠤᠳ ᠢ ᠬᠠᠪᠰᠤᠷᠬᠤ ᠶᠢᠨ ᠪᠠᠶᠠᠷ ᠪᠠᠶᠠᠰᠤᠯ ᠢ ᠬᠦᠨᠵᠡᠭᠡᠢ ᠮᠡᠳᠡᠷᠡᠭᠰᠡᠨ ᠪᠠᠶᠢᠨ᠎ᠠ᠃       ᠵᠠᠯᠭᠠᠭᠠᠳ ᠰᠣᠨᠢᠷᠬᠠᠯᠲᠠᠶ ᠲᠣᠭᠯᠠᠭᠠᠮ ᠶᠠᠪᠤᠭᠳᠠᠭᠤᠯᠵᠤ᠂ ᠰᠠᠶᠢᠨ ᠲᠤᠷᠠᠴᠤᠳ ᠪᠣᠯᠤᠨ ᠪᠠᠭᠰᠢ ᠨᠠᠷ ᠠᠴᠠ ᠬᠡᠦᠬᠡᠳ ᠤᠳ ᠲᠤ ᠬᠤᠪᠢᠰᠬᠠᠯ ᠤᠨ ᠥᠯᠢᠭᠡᠷ ᠪᠠ ᠪᠠᠭᠠᠲᠤᠷᠴᠤᠳ ᠤᠨ ᠰᠡᠳᠬᠢᠯ ᠬᠥᠳᠡᠯᠭᠡᠮ᠎ᠡ ᠦᠶᠯᠡ ᠠᠵᠢᠯᠯᠠᠭ᠎ᠠ  ᠶᠢ ᠶᠠᠷᠢᠵᠤ ᠦᠭᠭᠦᠨ᠂ ᠳᠡᠳᠡᠨ ᠳᠤ ᠠᠬᠠᠮᠠᠳ ᠨᠢᠭᠡ ᠦᠶ᠎ᠡ ᠶᠢᠨ ᠬᠢᠨ ᠤ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠤᠶᠢᠯᠠᠭᠠᠭᠤᠯᠵᠤ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠬᠦᠮᠦᠵᠢᠯ ᠬᠦᠷᠳᠡᠭᠡᠭᠰᠡᠨ ᠪᠠᠶᠢᠨ᠎ᠠ᠃       ᠠᠵᠢᠯᠯᠠᠭᠠᠨ ᠤ ᠡᠴᠦᠰ ᠲᠤ ᠰᠠᠶᠢᠨ ᠲᠤᠷᠠᠴᠤᠳ ᠬᠡᠦᠬᠡᠳ ᠤᠳ ᠲᠤ ᠪᠡᠯᠡᠭ ᠭᠠᠷᠳᠠᠭᠤᠯᠵᠤ᠂ ᠤᠯᠤᠰ ᠤᠨ ᠳᠤᠭ ᠤᠨ ᠳᠡᠷᠭᠡᠳᠡ ᠰᠡᠬᠦᠳᠡᠷ ᠳᠠᠳᠠᠵᠤ ᠲᠤᠷᠠᠰᠬᠠᠯ ᠦᠯᠡᠳᠡᠭᠡᠯ᠎ᠡ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号