ᠨᠡᠶᠢᠭᠡᠮ ᠤᠨ ᠡᠯ᠎ᠡ ᠡᠲᠡᠭᠡᠳ ᠤᠨ ᠰᠠᠶᠢᠨ ᠳᠤᠷᠠᠴᠤᠳ ᠶᠡᠭᠡ ᠳᠡᠭᠡᠳᠦ ᠰᠤᠷᠭᠠᠭᠤᠯᠢ ᠶᠢᠨ ᠣᠯᠣᠰ ᠤᠨ ᠨᠢᠬᠡᠳᠦᠯᠳᠡᠢ ᠰᠢᠯᠭᠠᠯᠳᠠ ᠳᠤ ᠣᠷᠣᠯᠴᠠᠬᠤ ᠰᠣᠷᠣᠠᠠᠴᠢᠳ ᠳᠤ ᠦᠢᠡᠯᠴᠢᠯᠡᠵᠦ ᠪᠣᠢ
ᠨᠡᠶᠢᠲᠡᠯᠡᠭᠰᠡᠨ ᠴᠠᠭ᠄
2025/6/9
       2025 ᠣᠨ ᠤ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠰᠢᠯᠭᠠᠯᠲᠠ 6 ᠰᠠᠷ᠎ᠠ ᠶᠢᠨ 7 ᠤ ᠡᠳᠦᠷ ᠵᠢᠩᠬᠢᠨᠢ ᠪᠠᠷ ᠡᠬᠢᠯᠡᠪᠡ᠃ ᠥᠨᠥᠳᠦᠷ ᠰᠢᠯᠤᠭᠤᠨ ᠬᠥᠬᠡ ᠬᠤᠰᠢᠭᠤᠨ ᠳᠤ ᠨᠡᠶᠢᠲᠡ 10 ᠰᠢᠯᠭᠠᠯᠲᠠ ᠶᠢᠨ ᠲᠠᠯᠠᠪᠤᠷ ᠲᠣᠬᠢᠷᠠᠭᠤᠯᠵᠠᠢ᠃      ᠥᠷᠯᠥᠭᠡ ᠶᠢᠨ 8 ᠴᠠᠭ ᠪᠣᠯᠬᠤ ᠠᠴᠠ ᠡᠮᠦᠨ᠎ᠡ᠂ ᠰᠢᠯᠤᠭᠤᠨ ᠬᠥᠬᠡ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠤᠨ ᠭᠠᠳᠠᠨ᠎ᠠ ᠬᠥᠮᠦᠨ ᠤᠯᠠᠨ‌‍ᠪᠠᠶᠢᠯ᠎ᠠ᠃ ᠲᠠᠯᠠᠪᠠᠢ ᠳᠤ ᠣᠷᠣᠬᠤ ᠴᠠᠭ ᠣᠶᠢᠷᠠᠳᠬᠤ ᠶᠢ ᠳᠠᠭᠠᠯᠳᠤᠨ᠂ ᠰᠢᠯᠭᠠᠭᠤᠯᠤᠭᠴᠢᠳ ᠡᠮᠬᠢ ᠵᠢᠷᠤᠮ ᠲᠠᠢ ᠮᠥᠷᠯᠡᠵᠦ᠂ ᠢᠳᠡᠬᠡᠯ ᠲᠦᠬᠦᠷᠡᠩ ᠰᠢᠯᠭᠠᠯᠳᠠ ᠶᠢᠨ ᠲᠠᠯᠠᠪᠠᠢ ᠳᠤ ᠣᠷᠣᠯ᠎ᠠ᠃      ᠰᠢᠯᠭᠠᠯᠲᠠ ᠶᠢᠨ ᠴᠡᠭ ᠤᠨ ᠡᠰᠡᠷᠭᠦ ᠲᠠᠯ᠎ᠠ ᠳᠤ᠂ ᠰᠠᠶᠢᠨ ᠳᠤᠷᠠᠴᠤᠳ ᠠᠯᠢ ᠡᠷᠲᠡ ᠮᠠᠶᠢᠬᠠᠨ ᠢᠶᠠᠨ ᠪᠤᠰᠬᠠᠵᠤ᠂ ᠨᠠᠷᠠᠰᠢᠬᠤ ᠠᠴᠠ ᠰᠡᠷᠬᠡᠶᠢᠯᠡᠬᠦ ᠡᠮ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠡᠮ ᠤᠨ ᠵᠦᠶᠯ ᠵᠢᠴᠢ ᠷᠠᠰᠢᠶᠠᠨ ᠤᠰᠤ ᠪᠣᠯᠤᠨ ᠪᠢᠴᠢᠭ ᠤᠨ ᠬᠡᠷᠡᠭᠰᠡᠯ ᠢ ᠭᠦᠶᠴᠡᠳ ᠪᠡᠯᠡᠳᠬᠡᠵᠦ᠂ ᠰᠢᠯᠭᠠᠭᠤᠯᠤᠭᠴᠢ ᠪᠣᠯᠤᠨ ᠬᠡᠷ ᠤᠨ ᠠᠬᠠᠮᠠᠳ ᠲᠤ ᠦᠶᠯᠡᠴᠢᠯᠡᠭᠡ ᠬᠠᠩᠭᠠᠬᠤ ᠳᠤ ᠪᠡᠯᠡᠬᠡᠨ ᠪᠠᠶᠢᠯ᠎ᠠ᠃      ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠶᠢᠨ ᠰᠢ ᠲᠦᠩ᠄ ︽ᠥᠨᠥᠳᠦᠷ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠭᠠᠳᠠᠨᠠᠬᠢ ᠴᠠᠭᠳᠠᠭᠠᠨ ᠤ ᠬᠦᠴᠦᠨ ᠪᠣᠯᠤᠭᠰᠠᠨ ᠤ ᠬᠤᠪᠢ ᠳᠤ᠂ ᠰᠢᠯᠤᠭᠤᠨ ᠬᠥᠬᠡ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠬᠢᠵᠦ ᠪᠣᠢ᠃ᠰᠢᠯᠭᠠᠭᠤᠯᠤᠭᠴᠢᠳ ᠳᠤ ᠰᠢᠯᠭᠠᠯᠲᠠ ᠶᠢᠨ ᠦᠨᠳᠦᠷ ᠠᠮᠵᠢᠯᠲᠠ ᠬᠦᠰᠡᠶ᠎ᠡ︾ ᠬᠡᠯ᠎ᠡ᠃      ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠤ ᠰᠢᠯᠭᠠᠯᠲᠠ  ᠶᠢᠨ ᠲᠠᠯᠠᠪᠠᠢ ᠶᠢᠨ ᠣᠷᠴᠢᠨ ᠲᠣᠭᠤᠷᠢᠨ ᠤ ᠡᠮᠬᠢ ᠳᠢᠭᠯᠢᠮ ᠢ ᠪᠠᠲᠤᠯᠠᠬᠤ ᠶᠢᠨ ᠲᠥᠯᠥᠭᠡ᠂ ᠰᠢᠯᠤᠭᠤᠨ ᠬᠦᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠴᠦ ᠤᠷᠢᠳᠴᠢᠯᠠᠨ ᠭᠦᠢᠴᠡᠳ ᠪᠡᠯᠡᠳᠬᠡᠯ ᠬᠢᠵᠡᠢ᠃ ᠲᠡᠳᠡ ᠡᠯ᠎ᠡ ᠰᠢᠯᠭᠠᠯᠲᠠ ᠶᠢᠨ ᠴᠡᠭ ᠤᠨ ᠣᠷᠣᠨ ᠪᠦᠰᠡ ᠶᠢ ᠴᠡᠭ ᠲᠣᠭᠲᠠᠭᠠᠨ ᠰᠠᠬᠢᠵᠤ᠂  ᠵᠠᠮ ᠬᠠᠷᠢᠯᠴᠠᠭ᠎ᠠ ᠶᠢ ᠰᠢᠯᠤᠭᠤᠳᠬᠠᠨ᠂ ᠰᠡᠷᠭᠡᠶᠢᠯᠡᠯᠲᠡ ᠶᠢᠨ ᠱᠤᠭᠤᠮ ᠪᠠᠶᠢᠷᠢᠯᠠᠭᠤᠯᠵᠤ᠂ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ  ᠶᠢ ᠬᠡᠷᠡᠭᠵᠢᠬᠦᠯᠬᠦ ᠶᠢᠨ ᠬᠠᠮᠲᠤ᠂ ᠪᠠᠰᠠ ᠴᠠᠭ ᠢᠮᠠᠭᠲᠠ ᠪᠠᠴᠢᠮ ᠲᠤᠰᠠᠯᠠᠮᠵᠢ ᠬᠦᠯᠢᠶᠡᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠠᠮ ᠬᠠᠷᠢᠯᠴᠠᠭᠠᠨ ᠤ ᠡᠮᠬᠢ ᠵᠢᠷᠤᠮ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠰᠢᠯᠭᠠᠭᠤᠯᠤᠭᠴᠢ ᠳᠤ ᠰᠠᠭᠠᠳ ᠦᠬᠡᠢ ᠨᠡᠪᠳᠡᠷᠡᠬᠦ ᠠᠮᠣᠷ ᠲᠦᠪᠰᠢᠨ ᠤ ᠵᠠᠮ ᠢ ᠨᠡᠪᠳᠡᠷᠡᠬᠦᠯᠵᠦ᠂ ᠰᠢᠯᠭᠠᠯᠲᠠ ᠳᠤ ᠰᠡᠳᠬᠢᠯ ᠠᠮᠤᠷ ᠣᠷᠣᠯᠴᠠᠬᠤ ᠶᠢ ᠦᠨᠡᠨ ᠬᠦ ᠪᠠᠳᠣᠯᠠᠵᠦ ᠪᠣᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号