ᠰᠢᠯᠤᠭᠤᠨ ᠬᠥᠬᠡ ᠬᠤᠰᠢᠭᠤ ︽ᠺᠢᠨᠣ᠋ ᠲᠧᠯᠸᠢᠰ + ᠰᠣᠶᠣᠯ ᠵᠢᠭᠤᠯᠴᠢᠯᠠᠯ︾ ᠤᠨ ᠦᠢᠯᠡᠰ ᠢ ᠬᠥᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/6/9
       6 ᠰᠠᠷ᠎ᠠ ᠶᠢᠨ 4 ᠤ ᠡᠳᠦᠷ᠂ ᠰᠦᠯᠵᠢᠶᠡᠨ ᠵᠦᠴᠦᠭᠡ  ︽  ᠬᠠᠶᠢᠷ᠎ᠡ ᠶᠢᠨ ᠲᠠᠪᠢᠯᠠᠩ︾᠂   ︿︿ᠴᠢᠮᠠᠶᠢ ᠰᠠᠨᠠᠨ᠎ᠠ﹀﹀ ᠵᠢᠴᠢ ᠺᠢᠨᠣ᠋  ︽ᠶᠡᠭᠡ ᠳᠠᠩ ᠳ᠋ᠢ ᠭᠦᠩ ᠤᠨ ᠬᠡᠷᠡᠭ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠰᠢᠯᠤᠭᠤᠨ ᠬᠥᠬᠡ ᠬᠤᠰᠢᠭᠤᠨ ᠤ ᠴᠠᠭᠠᠨ ᠢᠳᠡᠬᠡᠨ ᠤ ᠵᠣᠭᠤᠭ ᠤᠨ ᠦᠷᠦᠬᠡᠨ ᠳᠤ ᠶᠠᠪᠤᠠᠠᠳᠠᠵᠦ᠂ ᠲᠤᠬᠠᠶ ᠶᠢᠨ ᠲᠠᠯᠠᠪᠠᠶ ᠳᠤ ᠭᠤᠤᠯᠯᠬᠠᠴᠢ ᠪᠦᠯᠬᠦᠮ᠂ ᠠᠵᠢᠯ ᠲᠥᠷᠥᠯ ᠤᠨ ᠵᠣᠴᠢᠳ ᠵᠠᠭᠤᠴᠢᠯᠠᠭᠤᠷ ᠤᠨ ᠬᠠᠮᠳᠣ ᠣᠯᠠᠨ ᠨᠢᠭᠡ ᠲᠠᠩᠬᠢᠮ ᠳᠤ ᠴᠤᠭᠯᠠᠷᠠᠵᠤ᠂ ᠲᠣᠰ ᠭᠤᠷᠪᠠᠨ ᠪᠦᠲᠦᠭᠡᠯ  ᠤᠨ ᠲᠤᠬᠠᠢ ᠶᠠᠷᠢᠯᠴᠠᠪᠠ᠃ ᠲᠣᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢ ᠰᠢᠯᠤᠭᠤᠨ ᠬᠥᠬᠡ ᠬᠤᠰᠢᠭᠤᠨ ᠤ  ᠱᠠᠩᠳᠣ  ᠺᠢᠨᠣ᠋ ᠲᠧᠯᠸᠢᠰ ᠤᠨ ᠣᠷᠳᠣᠨ᠂ ᠰᠦᠵᠧᠦ ᠶᠢᠨ ᠪᠠ ᠪᠠᠶ ᠯᠢ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ᠂ ᠰᠦᠵᠧᠦ ᠶᠢᠨ ᠢᠦ᠋ᠶ ᠡᠯ ᠺᠢᠨᠣ᠋ ᠲᠧᠯᠸᠢᠰ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠬᠠᠮᠲᠤᠷᠠᠨ ᠡᠷᠭᠢᠯᠡᠪᠡ᠃       ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠰᠢᠯᠤᠭᠤᠨ ᠬᠥᠬᠡ ᠬᠤᠰᠢᠭᠤᠨ ᠤ  ᠱᠠᠩᠳᠣ ᠺᠢᠨᠣ᠋ ᠲᠧᠯᠸᠢᠰ  ᠤᠨ  ᠣᠷᠳᠣᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠺᠢᠨᠣ᠋ ᠲᠧᠯᠸᠢᠰ ᠤᠨ ᠵᠣᠬᠢᠶᠠᠨ ᠪᠦᠲᠦᠭᠡᠯᠭᠡ ᠪᠠ ᠰᠣᠶᠣᠯ ᠢ ᠤᠯᠠᠮᠵᠢᠯᠠᠨ ᠲᠠᠷᠬᠠᠭᠠᠬᠤ ᠴᠢᠬᠤᠯᠠ ᠲᠠᠪᠴᠠᠩ ᠪᠣᠯᠤᠭᠰᠠᠨ ᠤ ᠬᠤᠪᠢ ᠳᠤ᠂ ᠴᠢᠨᠠᠷ ᠰᠠᠶᠢᠲᠠᠶ ᠺᠢᠨᠣ᠋ ᠲᠧᠯᠸᠢᠰ ᠤᠨ ᠲᠥᠷᠥᠯ ᠵᠦᠶᠯ ᠳᠤ ᠪᠥᠬᠦ ᠲᠠᠯ᠎ᠠ ᠶᠢᠨ ᠳᠡᠮᠵᠢᠯᠭᠡ ᠬᠠᠩᠭᠠᠬᠤ ᠪᠠᠷ ᠴᠢᠷᠮᠠᠶᠢᠵᠤ᠂ ᠺᠢᠨᠣ᠋ ᠲᠧᠯᠸᠢᠰ ᠤᠨ ᠬᠤᠲᠠ ᠶᠢᠨ ᠬᠢᠨ ᠰᠡᠭᠦᠳᠡᠷᠯᠡᠬᠦ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠵᠦᠴᠦᠭᠡ  ᠶᠢᠨ ᠳᠤᠭᠤᠶᠢᠯᠠᠩ ᠳᠤ ᠥᠨᠳᠥᠷ ᠪᠦᠲᠦᠮᠵᠢᠲᠡᠶ ᠴᠢᠨᠠᠷ ᠰᠠᠶᠢᠲᠠᠶ ᠵᠣᠬᠢᠶᠠᠨ ᠪᠦᠲᠦᠭᠡᠬᠦ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ ᠭᠡᠵᠡᠶ᠃       ᠰᠢᠯᠤᠭᠤᠨ ᠬᠥᠬᠡ ᠬᠤᠰᠢᠭᠤᠨ ᠤ  ᠱᠠᠩᠳᠣ ᠺᠢᠨᠣ᠋ ᠲᠧᠯᠸᠢᠰ ᠤᠨ ᠣᠷᠳᠣᠨ ᠤ ᠬᠠᠷᠢᠭᠤᠴᠠᠯᠭᠠᠲᠠᠨ ᠢᠦ᠋ᠶ ᠵᠢᠶᠠᠨ ᠵᠥᠩ᠄  ︽  ᠱᠠᠩᠳᠣ ᠺᠢᠨᠣ᠋ ᠲᠧᠯᠸᠢᠰ ᠤᠨ ᠣᠷᠳᠣᠨ ᠪᠠ ᠴᠢᠭᠤᠯᠤᠯᠲᠤ ᠬᠠᠭᠠᠯᠭ᠎ᠠ ᠶᠢᠨ ᠴᠢᠩ ᠾᠧ ᠺᠢᠨᠣ᠋ ᠲᠧᠯᠸᠢᠰ ᠤᠨ ᠬᠤᠲᠠ᠂ ᠪᠠ ᠪᠠᠶ ᠯᠢ ᠺᠢᠨᠣ᠋ ᠲᠧᠯᠸᠢᠰ ᠤᠨ ᠪᠦᠯᠦᠭᠯᠡᠯ ᠵᠢᠴᠢ ᠰᠦᠵᠧᠦ ᠶᠢᠨ ᠢᠦ᠋ᠶ ᠡᠯ ᠺᠢᠨᠣ᠋ ᠲᠧᠯᠸᠢᠰ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠵᠡᠷᠭᠡ ᠣᠯᠠᠨ ᠺᠢᠨᠣ᠋ ᠲᠧᠯᠸᠢᠰ ᠤᠨ ᠺᠣᠮᠫᠠᠨᠢ  ᠬᠠᠮᠳᠤᠷᠠᠯᠴᠠᠵᠤ᠂  ᠰᠢᠯᠤᠭᠤᠨ ᠬᠥᠬᠡ ᠬᠤᠰᠢᠭᠤᠨ ᠤ ᠵᠢᠭᠤᠯᠴᠢᠯᠠᠯ ᠪᠠ ᠺᠢᠨᠣ᠋ ᠲᠧᠯᠸᠢᠰ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ  ᠨᠡᠮᠡᠷᠢᠯᠡᠬᠦ ᠪᠠᠷ ᠴᠢᠷᠮᠠᠶᠢᠨ᠎ᠠ︾ ᠬᠡᠯ᠎ᠡ᠃        ᠭᠤᠷᠪᠠᠨ ᠪᠦᠲᠦᠭᠡᠯ ᠤᠨ ᠤᠳᠤᠷᠢᠳᠤᠭᠠᠴᠢ᠂ ᠲᠣᠭᠯᠠᠭᠴᠢ ᠡᠴᠠ‌ᠵᠣᠬᠢᠶᠠᠨ ᠪᠦᠲᠦᠭᠡᠭᠰᠡᠨ ᠥᠩᠭᠡᠷᠡᠯᠲᠡ ᠪᠠ ᠬᠥᠰᠢᠭᠡ ᠶᠢᠨ ᠠᠷᠤ ᠶᠢᠨ ᠥᠯᠢᠭᠡᠷ ᠢᠶᠠᠨ  ᠬᠤᠪᠢᠶᠠᠯᠴᠠᠵᠦ᠂  ᠤᠯᠠᠨ ᠢᠶᠠᠷ ᠢᠶᠠᠨ ᠵᠣᠬᠢᠶᠠᠯ ᠪᠦᠲᠦᠭᠡᠯ ᠤᠨ ᠲᠤᠬᠠᠢ ᠬᠦᠰᠡᠯ ᠡᠷᠡᠮᠡᠯᠵᠡᠯ ᠪᠠ ᠡᠷᠴᠢ ᠵᠣᠷᠢᠭ ᠢᠶᠠᠨ ᠢᠯᠡᠳᠬᠡᠵᠦ᠂ ᠲᠥᠪ ᠴᠢᠩᠭ᠎ᠠ ᠣᠪᠣᠷ᠂ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠪᠠᠷ᠂ ᠰᠡᠳᠬᠢᠯ ᠲᠠᠯᠪᠢᠨ ᠦᠵᠡᠭᠳᠡᠯ ᠨᠢᠭᠡᠪᠦᠷᠢ ᠶᠢ ᠴᠣᠭᠴᠠᠯᠠᠵᠤ᠂ ᠦᠵᠡᠭᠴᠢᠳ ᠲᠤ ᠴᠢᠨᠠᠷ ᠰᠠᠶᠢᠲᠠᠢ ᠦᠵᠡᠵᠦ ᠰᠣᠨᠣᠰᠬᠤ ᠬᠦᠷᠲᠡᠭᠡᠯ ᠢ ᠠᠪᠴᠢᠷᠠᠵᠤ ᠥᠭᠬᠦ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃ ᠲᠣᠭᠯᠠᠭᠴᠢᠳ ᠪᠠᠰᠠ ᠥᠪᠡᠷ ‍ᠦᠨ‌‍ᠺᠢᠨᠣ᠋  ᠳᠤ ᠲᠣᠬᠯᠠᠬᠤ ᠳᠦᠷᠢ ᠶᠢᠨ ᠲᠤᠬᠠᠶ ᠣᠶᠢᠯᠠᠭᠠᠯᠲᠠ ᠪᠠ ᠪᠡᠯᠡᠳᠬᠡᠯ ᠶᠠᠪᠤᠴᠠ  ᠪᠠᠨ  ᠬᠤᠪᠢᠶᠠᠯᠴᠠᠨ᠂ ᠭᠤᠷᠪᠠᠨ ᠪᠦᠲᠦᠭᠡᠯ ᠤᠨ ᠵᠣᠬᠢᠶᠠᠨ ᠪᠦᠲᠦᠭᠡᠯᠭᠡ ᠶᠢᠨ ᠪᠦᠯᠬᠦᠮ ᠲᠤᠬᠠᠶ ᠶᠢᠨ ᠲᠠᠯᠠᠪᠠᠶ ᠳᠤ ᠬᠥᠲᠥᠯᠥᠭᠴᠢ ᠲᠠᠢ ᠰᠠᠨᠠᠯ ᠢᠶᠠᠨ ᠰᠣᠯᠢᠯᠴᠠᠵᠤ᠂ ᠵᠠᠭᠤᠴᠢᠯᠠᠭᠤᠷ ᠤᠨ ᠠᠰᠠᠭᠤᠯᠲᠠ ᠶᠢ ᠬᠠᠷᠢᠭᠤᠯᠪᠠ᠃        ᠤᠳᠤᠷᠢᠳᠤᠭᠠᠴᠢ᠂ ᠤᠯᠤᠰ ᠤᠨ ᠨᠢᠭᠡᠳᠦᠭᠡᠷ ᠳᠡᠰ ᠤᠨ ᠵᠦᠴᠦᠭᠡ ᠨᠠᠶᠢᠷᠠᠭᠤᠯᠤᠭᠴᠢ ᠵᠢᠶᠠᠩ ᠮᠢᠩ᠄  ᠱᠠᠩᠳᠣ ᠺᠢᠨᠣ᠋ ᠲᠧᠯᠸᠢᠰ ᠤᠨ  ᠣᠷᠳᠣᠨ ᠤ ᠤᠷᠢᠯᠭ᠎ᠠ ᠪᠠᠷ᠂ ᠪᠢᠳᠡ ᠪᠦᠬᠦ ᠬᠦᠴᠦᠨ ᠢᠶᠠᠷ ᠢᠶᠠᠨ ᠰᠢᠯᠤᠭᠤᠨ ᠬᠥᠬᠡ ᠬᠤᠰᠢᠭᠤᠨ ᠤ ᠬᠠᠮᠤᠭ ᠤᠨ ᠭᠤᠶᠤ ᠪᠦᠷᠢᠨ ᠪᠦᠳᠦᠨ ᠲᠠᠯ᠎ᠠ ᠶᠢ ᠪᠦᠬᠦ ᠤᠯᠤᠰ  ᠤᠨ ᠦᠵᠡᠭᠴᠢᠳ ᠲᠤ  ᠬᠠᠷᠠᠭᠤᠯᠥᠨ᠎ᠠ︾ ᠬᠡᠯ᠎ᠡ᠃      ᠣᠶᠢᠷ᠎ᠠ ᠶᠢᠨ ᠵᠢᠯ ᠤᠳ ᠲᠤ᠂ ᠰᠢᠯᠤᠭᠤᠨ ᠬᠥᠬᠡ ᠬᠤᠰᠢᠭᠤ ᠨᠢ ᠰᠦᠷᠯᠢᠭ ᠰᠠᠶᠢᠬᠠᠨ ᠲᠠᠯ᠎ᠠ ᠨᠤᠲᠤᠭ ᠤᠨ ᠥᠩᠭᠡ ᠦᠵᠡᠮᠵᠢ᠂ ᠥᠨᠢ ᠤᠳᠠᠭᠠᠨ ᠲᠡᠦᠬᠡ ᠰᠣᠶᠣᠯ ᠢᠶᠠᠷ ᠢᠶᠠᠨ ᠺᠢᠨᠣ᠋ ᠲᠧᠯᠸᠢᠰ ᠤᠨ ᠵᠣᠬᠢᠶᠠᠨ ᠪᠦᠲᠦᠭᠡᠯᠭᠡ ᠶᠢᠨ ᠪᠠᠶᠢᠭᠠᠯᠢ ᠶᠢᠨ ᠰᠢᠮᠡᠯᠢᠭ ᠬᠥᠷᠥᠰᠥ ᠪᠣᠯᠤᠭᠰᠠᠨ ᠪᠠᠶᠢᠨ᠎ᠠ᠃ ᠠᠳᠡ ᠨᠡᠯᠦᠭᠡᠷ ᠠᠭᠤᠳᠠᠮ  ᠠᠯᠳᠠᠩᠬᠤᠸ᠎ᠠ ᠶᠢᠨ ᠲᠠᠯ᠎ᠠ ᠨᠤᠲᠤᠭ ᠠᠴᠠ ᠵᠢᠷᠤᠭᠯᠠᠵᠤ ᠭᠠᠷᠭᠠᠭᠰᠠᠨ ᠰᠢᠯᠦᠭᠯᠢᠭ ᠰᠠᠨᠠᠭ᠎ᠠ ᠠᠬᠤᠢ ᠲᠠᠢ ᠪᠥᠭᠡᠳ ᠪᠠᠰᠠ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠳᠤ ᠬᠠᠳᠠᠭᠠᠯᠠᠭᠳᠠᠵᠤ ᠪᠠᠶᠢᠭ᠎ᠠ ᠮᠢᠩᠭᠠᠨ ᠣᠨ ᠤ ᠰᠣᠶᠣᠯ ᠤᠨ ᠰᠤᠳᠠᠰᠤ ᠲᠠᠢ ᠪᠠᠶᠢᠵᠤ᠂ ᠨᠢᠭᠡᠨᠲᠡ  ︽ᠲᠠᠰ ᠨᠠᠮᠨ᠋ᠬᠠᠰᠠᠨ ᠪᠠᠭᠠᠲᠤᠷ ᠤᠨ  ᠲᠣᠮᠤᠭ︾᠂  ︽ᠬᠤᠪᠢᠯᠠᠢ︾᠂  ︽ᠬᠠᠢ ᠯᠢᠨ ᠳ᠋ᠦ᠋︾ ᠵᠡᠷᠭᠡ ᠤᠯᠠᠨ ᠬᠠᠯᠠᠮᠰᠢᠯ ᠺᠢᠨᠣ᠋ ᠲᠧᠯᠸᠢᠰ ᠤᠨ ᠪᠦᠲᠦᠭᠡᠯ  ᠶᠢ ᠰᠡᠬᠦᠳᠡᠷᠯᠡᠭᠰᠡᠡ ᠦᠵᠡᠮᠵᠢ ᠪᠣᠯᠬᠤ ᠭᠠᠵᠠᠷ ᠪᠣᠯᠤᠭᠰᠠᠨ ᠪᠠᠶᠢᠨ᠎ᠠ᠃ ᠲᠣᠰ ᠤᠳᠠᠭᠠᠨ ᠤ ᠬᠡᠪ ᠨᠠᠮᠪᠠ ᠠᠳᠠᠯᠢ ᠪᠤᠰᠤ ᠭᠤᠷᠪᠠᠨ ᠺᠢᠨᠣ᠋ ᠲᠧᠯᠸᠢᠰ ᠤᠨ ᠪᠦᠲᠦᠭᠡᠯ ᠢ ᠨᠡᠶᠢᠲᠡᠯᠡᠬᠦ ᠬᠤᠷᠠᠯ ᠨᠢ ᠰᠢᠯᠤᠭᠤᠨ ᠬᠥᠬᠡ ᠬᠤᠰᠢᠭᠤᠨ ᠤ ᠥᠪᠡᠷᠮᠢᠴᠡ ᠤᠷᠠᠯᠢᠭ ᠤᠨ ᠲᠠᠲᠠᠬᠤ ᠬᠦᠴᠦᠨ ᠢ ᠢᠯᠡᠷᠡᠭᠦᠯᠦᠭᠰᠡᠨ  ᠢᠶᠠᠷ ᠪᠠᠷᠠᠬᠤ ᠥᠬᠡᠶ᠂ ᠨᠠᠩ ᠴᠤ ᠡᠨᠡ ᠬᠦ ᠲᠡᠦᠬᠡ ᠰᠣᠶᠣᠯ ᠤᠨ ᠭᠦᠨ ᠵᠤᠵᠠᠭᠠᠨ ᠠᠭᠤᠯᠤᠭᠳᠠᠬᠤᠨ ᠳᠤ ᠴᠣ ᠰᠢᠨ᠎ᠡ ᠰᠣᠶᠣᠯ ᠤᠨ ᠠᠮᠢᠵᠢᠷᠠᠯ ᠤᠨ ᠬᠦᠴᠦᠨ ᠨᠡᠮᠡᠷᠢᠯᠡᠵᠦ᠂  ︽ᠺᠢᠨᠣ᠋ ᠲᠧᠯᠸᠢᠰ + ᠰᠣᠶᠣᠯ ᠵᠢᠭᠤᠯᠴᠢᠯᠠᠯ︾ ᠢ ᠠᠭᠤᠰᠤᠯᠴᠠᠭᠤᠯᠤᠨ ᠬᠥᠭᠵᠢᠭᠦᠯᠬᠦ  ᠦᠢᠯᠡᠰ ᠲᠤ ᠬᠦᠴᠦᠨ ᠨᠡᠮᠡᠷᠢᠯᠡᠪᠡ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号