6 ᠰᠠᠷ᠎ᠠ ᠶᠢᠨ 4 ᠤ ᠡᠳᠦᠷ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤ ᠳᠠᠷᠤᠭ᠎ᠠ ᠯᠢᠦ ᠰᠢᠶᠤᠤ ᠮᠢᠨ ᠰᠢᠯᠤᠭᠤᠨ ᠬᠥᠬᠡ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ | ᠭᠤᠷᠪᠠᠳᠤᠭᠠᠷ ᠳᠤᠮᠳᠠᠳᠤ ᠰᠤᠷᠭᠠᠭᠤᠯᠢ ᠳᠤ ᠬᠥᠷᠴᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠳᠦᠯᠲᠡᠶ ᠰᠢᠯᠭᠠᠯᠲᠠ ᠶᠢᠨ ᠡᠮᠦᠨᠡᠬᠢ ᠪᠡᠯᠡᠳᠬᠡᠯ ᠠᠵᠢᠯ ᠢ ᠪᠠᠶᠢᠴᠠᠭᠠᠨ ᠦᠵᠡᠪᠡ᠃ ᠯᠢᠦ ᠰᠢᠶᠤᠤ ᠮᠢᠨ | ᠱᠠᠭᠠᠷᠳᠠᠭᠰᠠᠨ ᠨᠢ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠪᠣᠳᠠᠲᠠᠶ ᠠᠷᠭ᠎ᠠ ᠬᠡᠮᠵᠢᠶ᠎ᠡ ᠪᠠᠷ | ᠰᠤᠷᠤᠠᠠᠴᠢᠥᠨ ᠲᠤ ᠠᠮᠤᠷ ᠲᠦᠪᠰᠢᠨ᠂ ᠰᠠᠨᠠᠭᠠᠲ᠋ᠠᠶᠢᠪᠤᠩ ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ | ᠥᠭᠬᠦ ᠬᠡᠷᠡᠭᠲᠡᠶ ᠬᠡᠯᠡ᠃ | ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ᠂ ᠯᠢᠦ ᠰᠢᠶᠤᠤ ᠮᠢᠨ | ᠰᠢᠯᠭᠠᠯᠲᠠ ᠶᠢᠨ ᠶᠠᠪᠤᠴᠠ ᠶᠢᠨ ᠲᠣᠬᠢᠷᠠᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ | ᠲᠣᠭᠲᠠᠭᠠᠬᠤ᠂ ᠠᠷᠤ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠢᠴᠢ ᠰᠢᠯᠭᠠᠯᠲᠠ ᠶᠢᠨ ᠲᠠᠯᠠᠪᠠᠶ ᠶᠢᠨ ᠡᠷᠬᠢᠨ | ᠲᠣᠭᠤᠷᠢᠨ ᠤ ᠠᠮᠤᠷ ᠢ ᠬᠠᠮᠠᠭᠠᠯᠠᠬᠤ ᠣᠷᠴᠢᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠯᠢᠦ ᠰᠢᠶᠤᠤ ᠮᠢᠨ᠂ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠪᠥᠬᠦ ᠰᠢᠯᠭᠠᠯᠲᠠ ᠶᠢᠨ ᠶᠠᠪᠤᠳᠠᠯ ᠤᠨ ᠠᠵᠢᠯᠲᠠᠨ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠯ᠎ᠡ ᠵᠦᠶᠯ ᠤᠨ ᠪᠡᠯᠡᠳᠬᠡᠯ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠣᠪᠣᠷ ᠢᠶᠠᠷ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠵᠦ᠂ | ᠪᠥᠬᠦ ᠶᠠᠪᠤᠴᠠ ᠶᠢᠨ ᠳᠠᠭᠤᠷᠢᠶᠠᠮᠠᠯ ᠰᠣᠷᠢᠯᠲᠠ ᠶᠢ ᠨᠠᠷᠢᠨ ᠬᠢᠨᠠᠮᠠᠭᠠᠶ ᠥᠷᠨᠢᠭᠦᠯᠬᠦ ᠬᠡᠷᠡᠭᠲᠡᠶ᠃ ᠬᠤᠰᠢᠭᠤ ᠰᠤᠷᠭᠠᠨ | ᠬᠥᠮᠦᠵᠢᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ | ᠴᠠᠬᠢᠯᠭᠠᠨ ᠬᠠᠩᠭᠠᠬᠤ ᠵᠡᠷᠭᠡ ᠰᠠᠯᠠᠭ᠎ᠠ ᠮᠥᠴᠢᠷ ᠬᠠᠮᠵᠢᠯᠴᠠᠬᠤ ᠪᠠᠨ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ | ᠶᠢᠨ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠬᠠᠮᠢᠶᠠᠷᠤᠯᠲᠠ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠡᠮᠴᠢᠯᠡᠭᠡᠨ ᠤ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ᠂ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠯᠭ᠎ᠠ ᠵᠡᠷᠭᠡ ᠦᠶᠯᠡᠴᠢᠯᠡᠭᠡᠨ ᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠰᠠᠶᠢᠨ ᠳᠤᠷ᠎ᠠ ᠶᠢᠨ | ᠠᠵᠢᠯᠯᠠᠭᠰᠠᠳ ᠤᠨ ᠦᠢᠯᠡᠴᠢᠯᠡᠭᠡᠨ ᠤ ᠴᠢᠭ ᠢ ᠵᠣᠬᠢᠰᠲᠠᠶ ᠲᠣᠬᠢᠷᠠᠭᠤᠯᠵᠤ᠂ ᠲᠦᠷ ᠴᠠᠭ ᠤᠨ ᠪᠡᠶ᠎ᠡ ᠶᠢᠨ ᠦᠨᠡᠮᠯᠡᠯ | ᠵᠡᠷᠭᠡ ᠪᠠᠴᠢᠮ ᠪᠠᠶᠢᠳᠠᠯ ᠢ ᠰᠢᠢᠥᠠᠪᠤᠷᠢᠯᠡᠬᠦᠨᠡᠪᠲᠡᠷᠡᠬᠦ ᠵᠠᠮ ᠢ ᠨᠡᠭᠡᠭᠡᠵᠦ᠂ ︽ᠠᠯᠳᠠᠭ᠎ᠠ ᠭᠠᠷᠭᠠᠬᠤ ᠦᠭᠡᠶ︾ | ᠪᠠᠷᠢᠮᠵᠢᠶ᠎ᠠ ᠪᠠᠷ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠦᠨᠡᠨᠬᠦ ᠪᠠᠲᠤᠯᠠᠵᠤ᠂ ᠳᠡᠭᠡᠳᠦ ᠰᠤᠷᠭᠠᠭᠤᠯᠢ ᠳᠤ | ᠰᠢᠯᠭᠠᠭᠤᠯᠬᠤ ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ | ᠬᠡᠵᠡᠢ᠃ | ᠭᠤᠷᠪᠠᠳᠤᠭᠠᠷ ᠳᠤᠮᠳᠠᠳᠤ ᠰᠤᠷᠭᠠᠭᠤᠯᠢ ᠳᠤ᠂ ᠯᠢᠦ ᠰᠢᠶᠤᠤ ᠮᠢᠨ ᠬᠤᠰᠢᠭᠤ ᠰᠤᠷᠭᠠᠨ ᠬᠥᠮᠦᠵᠢᠯ ᠤᠨ | ᠰᠠᠯᠠᠭ᠎ᠠ ᠮᠥᠴᠢᠷ᠂ ᠰᠤᠷᠭᠠᠭᠤᠯᠢ ᠶᠢᠨ ᠬᠠᠷᠢᠭᠤᠴᠠᠯᠭᠠᠲᠠᠨ ᠪᠣᠯᠤᠨ ᠥᠨᠳᠥᠷ ᠳᠤᠮᠳᠠᠳᠤ ᠶᠢᠨ ᠭᠤᠷᠪᠠᠳᠤᠭᠠᠷ ᠣᠨ | ᠤ ᠪᠠᠭᠰᠢ ᠰᠤᠷᠤᠭᠴᠢᠳ ᠲᠠᠢ ᠶᠠᠷᠢᠯᠴᠠᠵᠤ᠂ ᠲᠠᠭᠤᠷᠢᠶᠠᠮᠠᠯ ᠰᠢᠯᠭᠠᠯᠲᠠ ᠶᠢᠨ ᠪᠠᠶᠢᠳᠠᠯ ᠢ ᠨᠠᠷᠢᠨ ᠠᠰᠠᠭᠤᠵᠤ᠂ | ᠪᠠᠭᠰᠢ ᠨᠠᠷ ᠤᠨ ᠰᠢᠷᠭᠠᠭᠤ ᠴᠢᠷᠮᠠᠶᠢᠯᠭ᠎ᠠ ᠳᠤ ᠬᠦᠨᠳᠦᠳᠬᠡᠯ ᠲᠡᠪᠰᠢᠬᠦᠯᠥᠭᠰᠡᠡ ᠤ ᠬᠠᠮᠲᠤ ᠲᠡᠳᠡᠨ ᠢ ᠦᠷᠭᠦᠯᠵᠢᠯᠡᠨ | ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠰᠤᠷᠤᠭᠴᠢᠳ ᠢ ᠬᠠᠪᠰᠤᠷᠤᠨ ᠰᠡᠳᠬᠢᠴᠡ ᠶᠢᠨ ᠪᠠᠶᠢᠳᠠᠯ ᠢ | ᠨᠢ ᠲᠣᠬᠢᠷᠠᠭᠤᠯᠵᠤ᠂ ᠬᠠᠮᠤᠭ ᠤᠨ ᠰᠠᠶᠢᠨ ᠪᠠᠶᠢᠳᠠᠯ ᠢᠶᠠᠷ ᠰᠢᠯᠭᠠᠯᠲᠠ ᠣᠷᠣᠯᠴᠠᠭᠠᠷᠠᠢ ᠬᠡᠯᠡ᠃ | |