ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/9
       6 ᠰᠠᠷ᠎ᠠ ᠶᠢᠨ 3 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠬᠤᠰᠢᠭᠤ ᠨᠠᠮ ᠤᠨ ᠬᠤᠷᠢᠶᠠᠨ ᠤ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ  ᠠᠴᠠ ᠾᠧᠨᠠᠨ ᠮᠤᠵᠢ ᠶᠢᠨ ᠰᠢᠨ ᠶᠠᠩ ᠬᠤᠲᠠ᠂ ᠯᠦᠸᠧ ᠱᠠᠨ ᠰᠢᠶᠠᠨ ᠤ 10 ᠺᠠᠳ᠋ᠷ ᠤᠨ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠲᠣᠭᠲᠠᠭᠠᠯ ᠡᠴᠠ‌ᠵᠥ᠋ᠷᠢᠴᠡᠭᠰᠡᠡ ᠠᠵᠢᠯᠯᠠᠭ᠎ᠠ᠂ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠶ ᠵᠥᠷᠢᠴᠡᠭᠰᠡᠨ ᠠᠰᠠᠭᠤᠳᠠᠯ᠂ ᠠᠨᠾᠦ᠋ᠢ ᠮᠤᠵᠢ ᠶᠢᠨ ᠠᠨᠴᠢᠩ ᠬᠤᠲᠠ ᠶᠢᠨ ᠰᠦ᠋ ᠰᠥᠩ ᠰᠢᠶᠠᠨ ᠤ ᠴᠢᠶᠠᠨ ᠯᠢᠩ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠵᠡᠷᠭᠡ  ᠶᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ᠂ ᠬᠤᠪᠸᠢ ᠮᠤᠵᠢ ᠶᠢᠨ  ᠬᠤᠸᠠᠩ ᠭᠠᠩ ᠬᠤᠲᠠ ᠶᠢᠨ ᠬᠤᠸᠠᠩ ᠮᠧᠶ ᠰᠢᠶᠠᠨ ᠤ ᠬᠤᠯᠪᠣᠭᠳᠠᠯ ᠪᠥᠬᠦᠶ ᠨᠠᠮ ᠤᠨ ᠭᠡᠰᠢᠭᠦᠨ ᠺᠠᠳ᠋ᠷ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ ᠵᠡᠷᠭᠡ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠰᠢᠯᠤᠭᠤᠨ ᠬᠥᠬᠡ ᠬᠤᠰᠢᠭᠤᠨ ᠤ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠪᠡ᠃        ᠬᠤᠷᠠᠯ ᠠᠴᠠ ᠵᠢᠭᠠᠬᠤ  ᠳᠠᠭᠠᠨ᠂ ᠨᠠᠮ ᠤᠨ ᠲᠥᠪ ᠬᠤᠷᠢᠶ᠎ᠠ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠰᠢᠭᠤ ᠨᠠᠮ ᠤᠨ ᠬᠤᠷᠢᠶ᠎ᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂  ︽ᠳᠥᠷᠪᠡᠨ ᠰᠤᠷᠲᠠᠯ︾ ᠢ ᠡᠷᠡᠰ ᠭᠤᠶᠢᠪᠢᠰᠢ ᠥᠬᠡᠶ ᠵᠠᠯᠠᠷᠠᠭᠤᠯᠵᠤ᠂ ᠰᠤᠷᠲᠠᠯ ᠢᠶᠠᠨ ᠬᠤᠪᠢᠷᠠᠭᠤᠯᠤᠨ᠂ ᠰᠢᠨ᠎ᠡ ᠰᠤᠷᠲᠠᠯ ᠢ ᠪᠣᠶ ᠪᠣᠯᠭᠠᠵᠤ  ᠢᠷᠡᠭᠰᠡᠨ ᠢᠶᠠᠷ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠬᠦᠴᠦᠲᠡᠶ ᠠᠬᠢᠭᠤᠯᠵᠤ᠂ ᠪᠥᠬᠦ ᠬᠤᠰᠢᠭᠤᠨ ᠤ ᠺᠠᠳ᠋ᠷ ᠤᠨ ᠰᠤᠷᠲᠠᠯ ᠢᠯᠡᠳᠲᠡ ᠬᠤᠪᠢᠷᠠᠵᠤ᠂ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢᠯᠡᠳᠲᠡ ᠴᠢᠩᠭᠠᠷᠠᠵᠤ᠂ ᠠᠵᠢᠯ ᠤᠨ ᠭᠦᠶᠴᠡᠳᠬᠡᠬᠦ ᠴᠢᠳᠠᠪᠤᠷᠢ ᠳᠡᠭᠡᠭᠰᠢᠯᠡᠨ᠂ ᠠᠵᠢᠯ ᠬᠢᠵᠦ ᠦᠶᠯᠡᠰ ᠴᠣᠭᠴᠠᠯᠠᠬᠤ ᠠᠭᠤᠷ ᠠᠮᠢᠰᠬᠤᠯ ᠨᠠᠩ ᠭᠦᠨ ᠵᠤᠵᠠᠭᠠᠨ  ᠪᠣᠯᠵᠠᠢ ᠬᠡᠯ᠎ᠡ᠃      ᠬᠤᠷᠠᠯ ᠠᠴᠠ ᠴᠢᠩᠭᠠᠳᠬᠠᠠᠠᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠬᠤ ᠬᠡᠷᠡᠭᠲᠡᠢ᠃ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂  ︽ᠪᠠᠭ᠎ᠠ‌ᠣᠴᠢᠷ ᠶᠠᠪᠤᠳᠠᠯ︾ ᠢ ᠴᠢᠩᠭ᠎ᠠ ᠬᠠᠮᠢᠶᠠᠷᠴᠤ᠂ ᠲᠥᠪ ᠴᠢᠬᠡᠴᠢ ᠰᠤᠷᠲᠠᠯ ᠢ ᠪᠤᠢ ᠪᠣᠯᠭᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠰᠤᠷᠤᠯᠴᠠᠯᠭ᠎ᠠ ᠶᠢ ᠢᠮᠠᠭᠲᠠ ᠲᠤᠭᠤᠰᠢᠯᠠᠭᠤᠯᠵᠤ᠂ ᠪᠣᠳᠠᠲᠠᠢ ᠭᠦᠨᠵᠡᠭᠡᠢ ᠪᠦᠬᠦ ᠲᠠᠯ᠎ᠠ ᠪᠠᠷ ᠠᠰᠠᠭᠤᠳᠠᠯ ᠢ ᠪᠠᠶᠢᠴᠠᠭᠠᠨ ᠳᠡᠯᠭᠡᠵᠦ᠂ ᠴᠢᠩᠭ᠎ᠠ ᠪᠣᠳᠠᠲᠠᠢ ᠠᠵᠢᠯ ᠤᠨ ᠰᠤᠷᠲᠠᠯ ᠢᠶᠠᠷ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠬᠡᠵᠡᠢ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠲᠣᠰ ᠤᠳᠠᠭᠠᠨ ᠤ ᠰᠡᠷᠡᠮᠵᠢᠯᠡᠭᠦᠯᠬᠦ ᠬᠥᠮᠦᠵᠢᠯ  ᠤᠨ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ  ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠥᠬᠡᠶ ᠭᠦᠨᠵᠡᠭᠡᠶᠢᠷᠡᠭᠦᠯᠵᠦ᠂ ᠰᠤᠷᠤᠯᠴᠠᠯᠭ᠎ᠠ ᠬᠥᠮᠦᠵᠢᠯ ᠢᠶᠠᠷ ᠳᠠᠪᠲᠠᠨ ᠪᠣᠯᠪᠠᠰᠤᠷᠠᠭᠰᠠᠨ ᠬᠠᠲᠠᠭᠤ ᠴᠢᠩᠭ᠎ᠠ ᠰᠤᠷᠲᠠᠯ ᠪᠣᠯᠤᠨ ᠠᠵᠢᠯᠯᠠᠬᠤ ᠡᠷᠴᠢ ᠵᠣᠷᠢᠭ ᠢᠶᠠᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠣᠳᠣᠬᠢᠴᠢᠯᠠᠭᠰᠠᠨ ᠰᠢᠯᠤᠭᠤᠨ ᠬᠥᠬᠡ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠪᠡ᠃      ᠬᠤᠷᠠᠯ ᠠᠴᠠ ᠪᠠᠰᠠ ᠪᠦᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃   
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号