256 ᠪᠠᠭᠠᠴᠥᠥᠨ ᠬᠡᠦᠬᠡᠳ ᠤᠨ ᠪᠥᠬᠡ ᠶᠢᠨ  ᠪᠠᠷᠢᠯᠳᠣᠭᠠᠨ ᠶᠠᠪᠤᠠᠠᠳᠠᠪᠠ
ᠨᠡᠶᠢᠲᠡᠯᠡᠭᠰᠡᠨ ᠴᠠᠭ᠄
2025/6/9
         6 ᠰᠠᠷ᠎ᠠ ᠶᠢᠨ 1 ᠤ ᠡᠳᠦᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ  ᠵᠢᠴᠢ ︽ᠵᠢᠷᠭᠤᠭᠠᠨ ᠰᠠᠷ᠎ᠠ ᠶᠢᠨ ᠨᠢᠭᠡᠨ︾ ᠤ ᠳᠡᠯᠡᠬᠡᠶ ᠶᠢᠨ ᠬᠡᠦᠬᠡᠳ ᠤᠨ ᠪᠠᠶᠠᠷ  ᠢ ᠬᠠᠮᠲᠤ  ᠪᠡᠯᠭᠡᠯᠡᠬᠦ ᠲᠠᠰᠢᠷᠠᠮ ᠢᠶᠠᠷ᠂ 2025 ᠣᠨ  ᠤ ᠰᠢᠯᠤᠭᠤᠨ ᠬᠥᠬᠡ ᠬᠤᠰᠢᠭᠤᠨ ᠤ  ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ  ᠪᠠᠶᠠᠷᠳᠦ ᠴᠢᠭᠤᠯᠭᠠᠨ᠂ ᠱᠠᠩᠳᠣ ᠶᠢᠨ ᠪᠠᠶᠠᠰᠣᠯᠳᠣ ᠵᠢᠭᠤᠯᠴᠢᠯᠠᠯ︾ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠨᠢᠭᠡᠨ ᠠᠭᠤᠯᠭ᠎ᠠ ᠪᠣᠯᠬᠤ  256 ᠬᠡᠦᠬᠡᠳ ᠤᠨ ᠪᠥᠬᠡ ᠶᠢᠨ  ᠪᠠᠷᠢᠯᠳᠣᠭᠠᠨ ᠬᠤᠪᠢᠯᠠᠢ ᠠᠭᠤᠳᠠᠮ ᠲᠠᠯᠠᠪᠠᠶ ᠳᠤ  ᠶᠠᠪᠤᠠᠠᠳᠠᠵᠠᠢ᠃ ᠰᠢᠯᠤᠭᠤᠨ ᠬᠥᠬᠡ ᠬᠤᠰᠢᠭᠤᠨ ᠤ ᠰᠣᠶᠣᠯ  ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠰᠢᠯᠤᠭᠤᠨ ᠬᠥᠬᠡ ᠬᠤᠰᠢᠭᠤᠨ ᠤ ᠪᠥᠬᠡ ᠶᠢᠨ ᠨᠡᠶᠢᠭᠡᠮᠯᠢᠭ ᠠᠴᠠ ᠲᠠᠭᠠᠭᠠᠴᠢᠯᠠᠨ ᠡᠷᠭᠢᠯᠡᠭᠰᠡᠨ ᠲᠣᠰ ᠤᠳᠠᠭᠠᠨ ᠤ ᠤᠷᠤᠯᠳᠤᠭᠠᠨ ᠨᠢ ᠪᠥᠬᠦ ᠣᠷᠣᠨ ᠤ ᠡᠯ᠎ᠡ ᠭᠠᠵᠠᠷ ᠠᠴᠠ ᠢᠷᠡᠭᠰᠡᠨ ᠪᠢᠴᠢᠬᠠᠨ ᠪᠥᠬᠡᠴᠢᠳ ᠤᠨ ᠬᠦᠴᠦ ᠣᠬᠠᠭᠠᠨ ᠢ ᠰᠣᠷᠢᠠᠠᠰᠠᠨ  ᠤᠤᠠᠬ᠎ᠠ ᠲᠡᠬᠦᠯᠳᠡᠷ ᠲᠡᠮᠡᠴᠡᠬᠡᠨ ᠪᠤᠯᠥᠯ᠎ᠠ᠃       ᠬᠤᠷᠴᠠ ᠰᠢᠷᠦᠭᠦᠨ ᠲᠡᠮᠡᠴᠡᠭᠡᠨ ᠢᠶᠠᠷ ᠲᠠᠮᠵᠢᠨ᠂  ᠰᠥᠨᠢᠳ ᠵᠡᠭᠦᠨ ᠬᠤᠰᠢᠭᠤᠨ ᠤ ᠠᠯᠲᠠᠨ ᠲᠦᠷᠦᠬᠡ ᠺᠯᠦ᠋ᠪ ᠤᠨ  ᠪᠢᠴᠢᠬᠠᠨ ᠪᠥᠬᠡᠴᠢᠨ ᠪᠢᠰᠢᠷᠡᠯ  ᠦᠵᠦ ᠲᠡᠷᠢᠬᠦᠨ ᠳᠤ ᠲᠣᠳᠣᠷᠠᠵᠤ᠂ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠦᠰᠬᠦᠶᠢᠷᠡᠬᠡᠳᠦᠢ ᠵᠢᠷᠭᠤᠭ᠎ᠠ‌‍ᠲ᠋ᠠᠪᠠᠨ ᠲᠡᠳ᠋ᠯᠡᠵᠦ᠂  ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ  ᠰᠣᠳᠣᠴᠡᠴᠡᠨ᠂ ᠰᠠᠩ ᠤᠨ ᠳᠠᠯᠠᠢ ᠰᠤᠷᠭᠠᠭᠤᠯᠢ ᠶᠢᠨ ᠠᠵᠢᠵᠠᠶᠠᠭ᠎ᠠ  ᠲᠣᠰ ᠲᠣᠰ ᠭᠤᠷᠪᠠ ᠲᠦᠷᠪᠡᠳᠦᠬᠡᠷ ᠲᠤ ᠣᠷᠣᠠᠠᠰᠠᠨ ᠪᠠᠶᠢᠨ᠎ᠠ ᠃     ᠲᠡᠷᠢᠬᠦᠨ ᠪᠦᠬᠡ ᠪᠢᠰᠢᠷᠡᠯ᠄  ︽ᠲᠣᠰ ᠤᠳᠠᠭᠠᠨ ᠤ ᠤᠷᠤᠯᠳᠤᠭᠠᠨ ᠪᠣᠯ ᠡᠨᠡ ᠵᠢᠯ ᠤᠨ ᠠᠩᠬᠠᠨ ᠤ ᠬᠡᠦᠬᠡᠳ  ᠤᠨ ᠪᠥᠬᠡ ᠶᠢᠨ ᠤᠷᠤᠯᠳᠤᠭᠠᠨ ᠪᠣᠯᠤᠨ᠎ᠠ᠂  ᠤᠷᠵᠢᠨᠤᠨ ᠵᠢᠯ ᠪᠢ ᠠᠳᠡ ᠱᠠᠩᠨᠠᠯ ᠤᠨ ᠬᠤᠨᠳᠠᠭ᠎ᠠ ᠣᠯᠵᠤ᠂ ᠨᠢᠳᠤᠨᠤᠨ ᠪᠠᠰᠠ ᠲᠠᠪᠤᠳᠤᠭᠠᠷ ᠲᠤ ᠣᠷᠣᠵᠤ᠂ ᠤᠳᠠᠭ᠎ᠠ ᠪᠦᠷᠢ ᠶᠢᠨ ᠤᠷᠤᠯᠳᠤᠭᠠᠨ ᠳᠤ  ᠪᠦᠷ ᠳᠦᠭᠦᠷᠡᠩ  ᠠᠮᠵᠢᠯᠳᠠ ᠲᠠᠢ ᠪᠣᠯᠬᠤᠷ  ᠪᠠᠶᠠᠷᠳᠠᠢ ᠪᠠᠶᠢᠨ᠎ᠠ︾ ᠬᠡᠯ᠎ᠡ᠃       ᠪᠥᠬᠡ ᠪᠣᠯ ᠮᠣᠩᠭᠤᠯ ᠦᠨᠳᠦᠰᠦᠲᠡᠨ ᠤ ᠡᠷ᠎ᠡ ᠶᠢᠨ ᠭᠤᠷᠪᠠᠨ ᠨᠠᠭᠠᠳᠤᠮ ᠤᠨ ᠨᠢᠭᠡ ᠂ ᠨᠡᠩ ᠴᠤ ᠦᠨᠳᠦᠰᠦᠲᠡᠨ ᠤ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠴᠢᠶᠠᠯᠠᠪᠤᠷᠢ ᠪᠣᠯᠤᠨ᠎ᠠ᠃ ᠲᠤᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ  ᠪᠢᠴᠢᠬᠠᠨ ᠪᠦᠬᠡᠴᠢᠳ ᠳᠤ ᠤᠷ᠎ᠠ ᠮᠡᠷᠭᠡᠵᠢᠯ ᠢᠶᠠᠨ ᠦᠵᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ ᠪᠠᠰᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ  ᠢ ᠤᠯᠠᠮᠵᠢᠯᠠᠨ ᠬᠥᠭᠵᠢᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号