5 ᠰᠠᠷ᠎ᠠ ᠶᠢᠨ 30 ᠤ ᠡᠳᠦᠷ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢ | ᠪᠥᠸᠧ ᠹᠧᠩ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ | ᠰᠤᠳᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ | ᠤᠨ ᠱᠦᠵᠢ ᠹᠧᠩ ᠵᠢᠶᠠᠨ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ | ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠼᠤᠤ ᠵᠧᠨ ᠢᠦᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠰᠦ᠋ ᠰᠢᠶᠠᠩ ᠹᠧᠩ ᠪᠠᠶᠢᠴᠠᠭᠠᠨ | ᠰᠤᠳᠤᠯᠤᠯᠲᠠ ᠳᠤ ᠤᠷᠤᠯᠴᠠᠵᠠᠢ᠃ | ᠱᠠᠩᠳᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠠᠷᠢᠯᠭ᠎ᠠ ᠶᠢᠨ ᠲᠠᠯᠠᠪᠠᠢ ᠳᠤ᠂ ᠯᠢ ᠪᠥᠸᠧ ᠹᠧᠩ ᠪᠠᠷᠢᠯᠭ᠎ᠠ | ᠶᠢᠨ ᠠᠬᠢᠴᠠ᠂ ᠲᠥᠯᠥᠪᠵᠢᠭᠦᠯᠭᠡ ᠵᠢᠴᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ | ᠤᠶᠢᠯᠠᠭᠠᠭᠰᠠᠨ ᠤ ᠳᠠᠷᠠᠭ᠎ᠠ᠂ ᠪᠡᠶ᠎ᠡ ᠶᠢᠨ ᠲᠠᠮᠢᠷ ᠤᠨ ᠴᠡᠴᠡᠷᠯᠢᠭ ᠪᠣᠯ ᠣᠯᠠᠨ ᠲᠦᠮᠡᠨ ᠤ ᠠᠮᠢᠳᠤᠷᠠᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠤᠴᠢᠷ ᠠᠴᠠ ᠡᠯ᠎ᠡ | ᠬᠠᠷᠢᠭᠤᠴᠠᠯᠭᠠᠲᠤ ᠨᠢᠭᠡᠴᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠢᠨᠵᠧᠨᠧᠷᠢᠩ | ᠤᠨ ᠶᠠᠰᠤ ᠴᠢᠨᠠᠷ ᠪᠣᠯᠤᠨ ᠠᠮᠤᠷ ᠲᠦᠪᠰᠢᠨ ᠢ ᠴᠢᠩᠭ᠎ᠠ ᠡᠵᠡᠮᠳᠡᠨ᠂ ᠪᠠᠷᠢᠯᠭ᠎ᠠ ᠶᠢᠨ ᠬᠤᠭᠤᠴᠠᠭ᠎ᠠ ᠶᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ ᠲᠥᠷᠥᠯ ᠵᠦᠶᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ | ᠪᠠᠲᠤᠯᠠᠵᠤ᠂ ᠣᠯᠠᠨ ᠲᠦᠮᠡᠨ ᠳᠤ ᠴᠢᠨᠠᠷ ᠰᠠᠶᠢᠲᠠᠶ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠣᠷᠣᠨ ᠵᠠᠶ | ᠬᠠᠩᠭᠠᠬᠤ ᠬᠡᠷᠡᠭᠲᠡᠶ ᠭᠡᠯᠡ᠃ | ᠡᠷᠦᠭᠡ ᠶᠢᠨ ᠴᠡᠷᠢᠭ ᠤᠨ ᠪᠣᠯᠪᠠᠰᠤᠷᠠᠯ ᠤᠨ ᠰᠠᠭᠤᠷᠢᠨ ᠳᠤ᠂ ᠯᠢ ᠪᠥᠸᠧ ᠹᠧᠩ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠠᠶᠢᠴᠢᠯᠠᠯᠳᠠ ᠶᠢᠨ ᠦᠵᠡᠭᠦᠯᠭᠡ ᠶᠢᠨ ᠲᠢᠩᠬᠢᠮ᠂ ᠬᠤᠸᠠᠷᠠᠨ ᠤ ᠲᠥᠬᠦᠭᠡᠷᠦᠮᠵᠢ ᠵᠡᠷᠭᠡ | ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠰᠠᠭᠤᠷᠢᠨ ᠭᠠᠵᠠᠷ ᠤᠨ ᠰᠠᠭᠤᠷᠢ ᠲᠥᠬᠦᠭᠡᠷᠦᠮᠵᠢ | ᠶᠢ ᠲᠡᠭᠦᠯᠳᠡᠷᠵᠢᠭᠦᠯᠬᠦ᠂ ᠪᠣᠯᠪᠠᠰᠤᠷᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠢ ᠪᠦᠬᠦ | ᠲᠠᠯ᠎ᠠ ᠪᠠᠷ ᠤᠶᠢᠯᠠᠭᠠᠭᠰᠠᠨ ᠪᠠᠶᠢᠨ᠎ᠠ᠃ ᠲᠡᠷᠡ᠂ ᠴᠢᠳᠠᠮᠵᠢ ᠶᠢᠨ ᠪᠠᠶᠢᠷᠢᠰᠢᠭᠤᠯᠤᠯᠲᠠ ᠶᠢ ᠤᠯᠠᠮ ᠴᠢᠨᠠᠭᠰᠢᠳᠠ | ᠰᠢᠯᠢᠳᠡᠭᠵᠢᠭᠦᠯᠵᠦ᠂ ᠪᠣᠯᠪᠠᠰᠤᠷᠠᠯ ᠤᠨ ᠪᠠᠲᠤᠯᠠᠭ᠎ᠠ ᠶᠢ ᠴᠢᠩᠭᠠᠳᠬᠠᠨ᠂ ᠡᠷᠦᠬᠡ ᠶᠢᠨ ᠴᠡᠷᠢᠭ ᠤᠨ ᠪᠣᠯᠪᠠᠰᠤᠷᠠᠯ ᠤᠨ | ᠰᠠᠭᠤᠷᠢᠨ ᠤ ᠵᠢᠷᠤᠮᠵᠢᠭᠰᠠᠨ᠂ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠡᠷᠦᠬᠡ ᠶᠢᠨ ᠴᠡᠷᠢᠭ ᠤᠨ ᠡᠩᠨᠡᠭᠡ ᠶᠢ ᠳᠠᠪᠲᠠᠨ | ᠪᠣᠯᠪᠠᠰᠤᠷᠠᠭᠤᠯᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ ᠭᠡᠵᠦ ᠱᠠᠭᠠᠷᠳᠠᠯ᠎ᠠ᠃ | ᠰᠢᠯᠤᠭᠤᠨ ᠬᠥᠬᠡ ᠬᠤᠰᠢᠭᠤᠨ ᠤ ᠭᠤᠸᠠᠨ ᠯᠠᠨ ᠢᠦᠢ ᠶᠤᠸᠠᠨ ᠲᠥᠷᠥᠯ ᠵᠦᠶᠯ ᠤᠨ ᠲᠤᠬᠠᠶ ᠶᠢᠨ ᠲᠠᠯᠠᠪᠠᠶ | ᠳᠤ᠂ ᠯᠢ ᠪᠥᠸᠧ ᠹᠧᠩ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠂ ᠪᠠᠶᠢᠷᠢᠰᠢᠭᠤᠯᠤᠯᠲᠠ | ᠵᠢᠴᠢ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠶᠯ ᠢ ᠬᠤᠲᠠ | ᠶᠢᠨ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠰᠠᠭᠤᠭᠠᠯᠢ | ᠠᠷᠠᠳ ᠤᠨ ᠣᠷᠣᠰᠢᠨ ᠰᠠᠭᠤᠬᠤ ᠪᠠ ᠶᠠᠪᠤᠵᠤ ᠰᠠᠭᠤᠬᠤ ᠬᠡᠷᠡᠭᠴᠡᠭᠡ ᠶᠢ ᠭᠦᠶᠴᠡᠳ ᠪᠣᠳᠣᠯᠬᠢᠯᠠᠵᠤ᠂ ᠲᠥᠬᠦᠭᠡᠷᠦᠮᠵᠢ | ᠪᠦᠷᠢᠨ᠂ ᠵᠠᠮ ᠬᠠᠷᠢᠯᠴᠠᠭ᠎ᠠ ᠳᠥᠭᠦᠮ ᠳᠥᠲᠡ ᠪᠠᠶᠢᠬᠤ ᠶᠢ ᠦᠨᠡᠨ ᠬᠦ ᠪᠠᠲᠤᠯᠠᠵᠤ᠂ ᠴᠢᠨᠠᠷ ᠰᠠᠶᠢᠲᠠᠶ ᠣᠷᠣᠰᠢᠨ | ᠰᠠᠭᠤᠬᠤ ᠨᠡᠶᠢᠭᠡᠮ ᠲᠣᠭᠤᠷᠢᠭ ᠢ ᠪᠠᠶᠢᠭᠤᠯᠬᠤ ᠬᠡᠷᠡᠭᠲᠡᠶ ᠭᠡᠰᠡᠨ ᠪᠠᠶᠢᠨ᠎ᠠ᠃ | ᠰᠢᠯᠤᠭᠤᠨ ᠬᠥᠬᠡ ᠬᠤᠰᠢᠭᠤᠨ ᠤ ᠱᠠᠩᠳᠤ ᠶᠢᠨ ᠭᠤᠤᠯ ᠨᠤᠭᠤ ᠭᠠᠵᠠᠷ ᠤᠨ ᠴᠡᠴᠡᠷᠯᠢᠭ ᠲᠤ ᠶᠤᠸᠠᠨ ᠤ | ᠳᠡᠭᠡᠳᠦ ᠨᠡᠶᠢᠰᠯᠡᠯ ᠤᠨ ᠰᠣᠶᠣᠯ ᠤᠨ ᠣᠷᠳᠣᠨ ᠤ ᠡᠬᠢ ᠪᠠᠶᠠᠯᠢᠭ ᠢ ᠨᠡᠭᠡᠭᠡᠨ ᠠᠰᠢᠭᠯᠠᠭᠰᠠᠨ ᠪᠠᠶᠢᠳᠠᠯ ᠢ | ᠭᠤᠤᠯᠳᠠᠯᠭ᠎ᠠ ᠲᠠᠢ ᠪᠠᠶᠢᠴᠠᠭᠠᠨ ᠰᠤᠳᠤᠯᠵᠤ᠂ ᠲᠠᠯᠠᠪᠠᠢ ᠶᠢᠨ ᠪᠠᠶᠢᠷᠢᠰᠢᠭᠤᠯᠤᠯᠲᠠ᠂ ᠰᠣᠶᠣᠯ ᠤᠨ ᠠᠵᠢᠯᠯᠠᠭ᠎ᠠ | ᠥᠷᠨᠢᠭᠦᠯᠦᠭᠰᠡᠨ ᠣᠳᠣᠬᠢ ᠪᠠᠶᠢᠳᠠᠯ ᠢ ᠭᠦᠨᠵᠡᠭᠡᠶ ᠰᠢᠨᠵᠢᠯᠡᠨ ᠪᠠᠶᠢᠴᠠᠭᠠᠭᠰᠠᠨ ᠤ ᠳᠠᠷᠠᠭ᠎ᠠ᠂ ᠣᠳᠣ ᠶᠢᠨ ᠪᠠᠶᠢᠭ᠎ᠠ | ᠡᠬᠢ ᠪᠠᠶᠠᠯᠢᠭ ᠢ ᠭᠦᠨᠵᠡᠭᠡᠶ ᠠᠭᠤᠳᠠᠯᠤᠨ᠂ ᠣᠨᠴᠠᠯᠢᠭᠲᠤ ᠰᠣᠶᠣᠯ ᠤᠨ ᠨᠡᠷᠡᠲᠦ ᠲᠥᠷᠥᠯ ᠲᠡᠮᠳᠡᠭᠲᠦ ᠶᠢᠨ | ᠠᠵᠢᠯᠯᠠᠭ᠎ᠠ ᠶᠢ ᠪᠤᠢ ᠪᠣᠯᠭᠠᠬᠤ᠂ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠰᠣᠶᠣᠯ ᠤᠨ ᠣᠷᠳᠣᠨ ᠢ ᠤᠮᠠᠷᠠᠲᠤ ᠬᠢᠯᠢ ᠶᠢᠨ ᠰᠣᠶᠣᠯ ᠢ ᠳᠡᠯᠭᠡᠨ ᠦᠵᠡᠭᠦᠯᠬᠦ᠂ | ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠴᠢᠬᠤᠯᠠ ᠴᠣᠩᠬᠤ ᠪᠣᠯᠭᠠᠬᠤ ᠬᠡᠷᠡᠭᠳᠡᠢ | ᠭᠡᠵᠦ ᠱᠠᠭᠠᠷᠳᠠᠭᠰᠠᠨ ᠪᠠᠶᠢᠨ᠎ᠠ᠃ | ᠬᠤᠰᠢᠭᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ | ᠤᠷᠤᠯᠴᠠᠵᠠᠢ᠃ | |