ᠰᠢᠯᠤᠭᠤᠨ ᠬᠦᠬᠡ ᠬᠤᠰᠢᠭᠤᠨ ᠤ ᠡᠯ᠎ᠡ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠵᠢᠷᠭᠤᠭᠠᠨ ᠰᠠᠷ᠎ᠠ  ᠶᠢᠨ ᠨᠢᠭᠡᠨ ᠢᠶᠠᠨ ᠪᠡᠯᠭᠡᠯᠡᠯ᠎ᠡ
ᠨᠡᠶᠢᠲᠡᠯᠡᠭᠰᠡᠨ ᠴᠠᠭ᠄
2025/6/9
     75 ᠳᠠᠬᠢ ᠵᠢᠷᠭᠤᠭᠠᠨ ᠰᠠᠷ᠎ᠠ ᠶᠢᠨ ᠨᠢᠭᠡᠨ ᠤ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 5 ᠰᠠᠷ᠎ᠠ ᠶᠢᠨ 29 ᠤ ᠡᠳᠦᠷ ᠰᠢᠯᠤᠭᠤᠨ ᠬᠥᠬᠡ ᠬᠤᠰᠢᠭᠤᠨ ᠤ ᠭᠤᠷᠪᠠᠳᠤᠭᠠᠷ ᠬᠡᠦᠬᠡᠳ ᠤᠨ ᠴᠡᠴᠡᠷᠯᠢᠭ᠂ ᠨᠢᠭᠡᠳᠦᠭᠡᠷ ᠪᠠᠭ᠎ᠠ ᠰᠤᠷᠭᠠᠭᠤᠯᠢ ᠲᠤᠰ ᠲᠤᠰ ᠰᠢᠷᠢᠰ ᠠᠵᠢᠯᠯᠠᠭ᠎ᠠ ᠦᠷᠨᠢᠬᠦᠯᠦᠨ ᠬᠡᠦᠬᠡᠳ ᠤᠨ ᠪᠠᠶᠠᠷ ᠢᠶᠠᠨ ᠪᠡᠯᠭᠡᠯᠡᠯ᠎ᠡ᠃     ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠵᠢᠷᠭᠤᠭᠠᠨ ᠰᠠᠷ᠎ᠠ ᠶᠢᠨ ᠨᠢᠭᠡᠨ ᠢᠶᠠᠨ ᠪᠡᠯᠭᠡᠯᠡᠬᠦ ᠠᠵᠢᠯᠯᠠᠭᠠᠨ ᠤ ᠡᠬᠢᠯᠡᠯᠳᠡ ᠪᠠᠷ ᠶᠡᠭᠡ ᠠᠩᠭᠢ ᠶᠢᠨ ᠪᠦᠪᠡᠢ ᠨᠠᠷ ᠢᠶᠠᠷ ᠪᠦᠷᠢᠯᠳᠦᠭᠰᠡᠨ ᠤᠯᠤᠰ ᠤᠨ ᠲᠤᠭ ᠤᠨ ᠡᠩᠨᠡᠭᠡ ᠵᠢᠬᠰᠠᠭᠠᠯ  ᠤᠨ ᠳᠡᠷᠢᠭᠦᠨ ᠳᠤ ᠤᠷᠤᠵᠤ ᠢᠷᠡᠨ᠂ ᠤᠯᠤᠰ ᠤᠨ ᠲᠤᠭ ᠮᠠᠨᠳᠤᠭᠤᠯᠬᠤ ᠶᠤᠰᠤᠯᠠᠯ ᠶᠠᠪᠤᠭᠳᠠᠭᠤᠯᠤᠯ᠎ᠠ᠃       ᠵᠠᠯᠭᠠᠭᠠᠳ ᠪᠠᠭ᠎ᠠ ᠠᠩᠭᠢ ᠶᠢᠨ ᠳᠤᠭᠤᠶᠢᠯᠠᠩ᠂ ᠳᠤᠮᠳᠠ ᠠᠩᠭᠢ ᠶᠢᠨ ᠳᠤᠭᠤᠶᠢᠯᠠᠩ᠂ ᠶᠡᠭᠡ ᠠᠩᠭᠢ ᠶᠢᠨ ᠳᠤᠭᠤᠶᠢᠯᠠᠩ ᠤᠨ ᠬᠡᠦᠬᠡᠳ ᠤᠳ ᠳᠠᠷᠠᠭᠠᠯᠠᠨ ᠲᠠᠶᠢᠰᠠᠨ ᠳᠤ ᠭᠠᠷᠴᠤ᠂ ᠲᠠᠮᠢᠷ ᠤᠨ ᠦᠵᠡᠭᠦᠯᠦᠯᠭᠡ᠂ ᠬᠦᠭᠡᠷᠦᠭᠦᠨ ᠠᠮᠢᠳᠠᠳ ᠤᠨ ᠲᠤᠭᠯᠠᠯᠳᠠ᠂ ᠬᠥᠯ ᠪᠥᠮᠪᠦᠭᠡ ᠶᠢᠨ ᠲᠣᠭᠯᠠᠯᠲᠠ᠂ ᠳᠡᠭᠡᠰᠦ ᠦᠰᠦᠷᠬᠦ᠂ ᠪᠣᠭᠤᠮᠲᠠ ᠰᠢᠪᠲᠤᠯᠬᠤ᠂ ᠬᠤᠪᠴᠠᠰᠤᠨ ᠤ ᠦᠵᠡᠭᠦᠯᠦᠯᠭᠡ ᠵᠡᠷᠭᠡ ᠦᠵᠡᠭᠦᠯᠪᠦᠷᠢ ᠪᠠᠷ ᠤᠷᠭᠤᠬᠤ ᠨᠠᠷᠠ ᠲᠠᠢ ᠤᠷᠤᠯᠳᠤᠨ ᠡᠷᠡᠭᠦᠯ ᠴᠤᠪᠤᠭᠤ ᠦᠰᠦᠨ ᠪᠤᠶᠢᠵᠢᠭ᠎ᠠ ᠬᠡᠦᠬᠡᠳ ᠤᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠤᠯᠠᠮᠵᠢᠯᠠᠯᠲᠤ ᠪᠡᠶᠡᠴᠢᠯᠡᠨ ᠣᠶᠢᠯᠠᠭᠠᠬᠤ ᠲᠣᠭᠤᠷᠢᠭ ᠲᠤ ᠬᠡᠦᠬᠡᠳ ᠤᠳ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠦᠶᠯᠡᠳᠦᠯᠭᠡ ᠶᠢᠨ ᠳᠤᠮᠳᠠ ᠠᠴᠠ ᠤᠶᠢᠯᠠᠭᠠᠨ ᠮᠡᠳᠡᠷᠡᠵᠦ ᠪᠠᠶᠢᠯ᠎ᠠ᠃     ᠴᠡᠴᠡᠷᠯᠢᠭ ᠤᠨ ᠬᠦᠷᠢᠶᠠᠨ ᠳᠤ ᠪᠠᠰᠠ ᠠᠯᠢᠶᠠᠯᠠᠭᠴᠢ ᠠᠴᠠ ᠬᠡᠦᠬᠡᠳ ᠤᠳ ᠲᠠᠢ ᠲᠤᠭᠯᠠᠵᠤ᠂ ᠳᠡᠳᠡᠨ ᠳᠤ ᠪᠠᠶᠠᠷ ᠤᠨ ᠡᠳᠦᠷ ᠤᠨ ᠬᠦᠷ ᠪᠠᠶᠠᠰᠤᠯ ᠨᠡᠮᠡᠷᠢᠯᠡᠨ᠎ᠡ᠃ ᠠᠵᠢᠯᠯᠠᠭᠠᠨ ᠤ ᠪᠥᠬᠦ ᠶᠠᠪᠤᠴᠠ ᠶᠢ ᠪᠠᠭᠰᠢ ᠨᠠᠷ ᠨᠠᠷᠢᠨ ᠨᠢᠮᠪᠠᠶ ᠬᠥᠲᠥᠯᠥᠨ ᠵᠢᠯᠣᠭᠤᠳᠴᠤ᠂ ᠠᠮᠤᠷ ᠲᠦᠪᠰᠢᠨ ᠡᠮᠬᠢ ᠴᠡᠭᠴᠡ ᠲᠠᠢ ᠣᠷᠴᠢᠨ ᠲᠣᠭᠤᠷᠢᠨ ᠳᠤ ᠬᠡᠦᠬᠡᠳ ᠤᠳ ᠰᠤᠨᠢᠷᠬᠠᠯᠳᠤ ᠲᠣᠭᠯᠠᠭᠠᠮ ᠤᠨ ᠬᠠᠪᠤ ᠴᠡᠩᠭᠡᠯ ᠢ ᠡᠳ᠋ᠯᠡᠵᠦ ᠪᠠᠶᠢᠯ᠎ᠠ᠃ ᠴᠡᠴᠡᠷᠯᠢᠭ ᠠᠴᠠ ᠪᠠᠰᠠ ᠲᠤᠰᠬᠠᠢ ᠠᠮᠲᠠᠲᠤ ᠢᠳᠡᠭᠡᠨ ᠤ ᠲᠣᠭᠤᠷᠢᠭ ᠲᠤᠬᠢᠷᠠᠭᠤᠯᠵᠤ᠂ ᠬᠡᠦᠬᠡᠳ ᠤᠳ ᠲᠤ ᠰᠣᠷᠭᠤᠭ ᠵᠢᠮᠢᠰ᠂ ᠪᠣᠭᠤᠷᠰᠤᠭ ᠪᠣᠯᠤᠨ ᠽᠦᠩᠽᠢ ᠵᠡᠷᠭᠡ ᠠᠮᠳᠠᠳᠤ ᠢᠳᠡᠭᠡᠨ ᠬᠠᠩᠭᠠᠭᠰᠠᠨ ᠪᠠᠶᠢᠨ᠎ᠠ᠃      ᠰᠢᠯᠤᠭᠤᠨ ᠬᠥᠬᠡ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠵᠢᠷᠭᠤᠭᠠᠨ ᠰᠠᠷ᠎ᠠ ᠶᠢᠨ ᠨᠢᠭᠡᠨ ᠤ ᠬᠡᠦᠬᠡᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠦᠪᠡᠳᠡᠭᠰᠢ ᠶᠡᠭᠡ ᠪᠠᠷ ᠡᠬᠢᠯᠡᠯ᠎ᠡ᠃ ᠨᠢᠭᠡᠳᠦᠭᠡᠷ ᠣᠨ ᠤ 65 ᠪᠢᠴᠢᠬᠠᠨ ᠰᠣᠷᠣᠭᠴᠢ ᠢᠷᠠᠭᠤ ᠠᠯᠳᠠᠷᠲᠠᠶ ᠪᠠᠷ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠳᠤ ᠡᠯᠰᠡᠭᠳᠡᠵᠦ᠂ ᠶᠡᠭᠡ ᠠᠩᠭᠢ ᠶᠢᠨ ᠬᠠᠪᠰᠤᠷᠤᠨ ᠵᠢᠯᠣᠭᠤᠳᠤᠭᠴᠢ ᠠᠴᠠ ᠳᠡᠳᠡᠨ ᠳᠤ ᠴᠢᠩ ᠰᠡᠳᠬᠢᠯ ᠤᠨ ᠬᠦᠰᠡᠯ ᠡᠷᠡᠮᠡᠯᠵᠡᠯ ᠳᠡᠪᠰᠢᠬᠦᠯᠦᠭᠰᠡᠨ ᠪᠥᠭᠡᠳ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ᠂ ᠭᠤᠷᠪᠠᠨ ᠰᠠᠶᠢᠨᠲᠠᠶ ᠰᠤᠷᠤᠭᠴᠢ᠂ ᠰᠢᠯᠢᠳᠡᠭ ᠰᠤᠷᠤᠭᠴᠢ ᠵᠢᠴᠢ ᠵᠢᠭᠠᠨ ᠰᠤᠷᠭᠠᠯᠳᠠ ᠳᠤ ᠰᠢᠯᠢᠳᠡᠭ ᠬᠢᠷᠢ ᠪᠦᠲᠦᠮᠵᠢ ᠭᠠᠷᠭᠠᠭᠰᠠᠨ ᠪᠠᠭᠰᠢ ᠨᠠᠷ ᠢ ᠱᠠᠩᠨᠠᠨ ᠬᠦᠬᠢᠬᠦᠯᠦᠭᠰᠡᠨ ᠪᠠᠶᠢᠨ᠎ᠠ᠃     ᠵᠠᠯᠭᠠᠭᠠᠳ ᠶᠠᠪᠤᠭᠳᠠᠭᠰᠠᠨ ᠤᠷᠠᠨ ᠰᠠᠶᠢᠬᠠᠨ ᠤ ᠲᠣᠭᠯᠠᠯᠲᠠ ᠨᠢ ᠬᠡᠦᠬᠡᠳ ᠤᠳ ᠤᠨ ᠤᠷᠤᠰᠬᠠᠯ ᠪᠦᠵᠢᠭ  ᠢᠶᠠᠷ ᠡᠬᠢᠯᠡᠯᠳᠡ ᠶᠢᠨ ᠬᠦᠰᠢᠭᠡ ᠪᠠᠨ ᠰᠡᠬᠦᠵᠦ᠂ ᠨᠠᠶᠢᠷᠠᠯ ᠳᠠᠭᠤᠤ᠂ ᠠᠮᠠᠨ ᠬᠤᠭᠤᠷ᠂ ᠬᠠᠮᠳᠤ ᠶᠢᠨ ᠪᠥᠵᠢᠭ᠂ ᠶᠠᠲᠤᠭ᠎ᠠ ᠵᠡᠷᠭᠡ ᠲᠣᠭᠯᠠᠯᠲᠠ ᠨᠤᠭᠤᠳ ᠨᠢ ᠰᠢᠨ᠎ᠡ ᠴᠠᠭ ᠦᠶ᠎ᠡ ᠶᠢᠨ ᠪᠠᠭᠠᠴᠤᠳ ᠬᠡᠦᠬᠡᠳ ᠤᠨ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠤᠯ᠎ᠠ᠃       ᠦᠳᠡ ᠶᠢᠨ ᠬᠤᠶᠢᠨ᠎ᠠ᠂ 32 ᠳ᠋ᠤᠭᠠᠷ ᠬᠤᠭᠤᠴᠠᠭᠠᠨ ᠤ ᠬᠦᠨᠳᠦ ᠬᠥᠩᠭᠡᠨ ᠪᠡᠶ᠎ᠡ ᠲᠠᠮᠢᠷ ᠤᠨ ᠴᠤᠭᠯᠠᠭᠠᠨ ᠶᠠᠪᠤᠭᠳᠠᠵᠤ᠂ ᠤᠯᠠᠮᠵᠢᠯᠠᠯᠲᠤ ᠨᠠᠭᠠᠳᠤᠮ ᠤᠨ ᠲᠦᠷᠦᠯ ᠠᠴᠠ ᠭᠠᠳᠠᠨ᠎ᠠ ᠡᠷᠡᠭᠲᠡᠶ᠂ ᠡᠮᠡᠭᠲᠡᠶ ᠶᠢᠨ 100 ᠮᠧᠲᠷ᠂ 200 ᠮᠧᠲᠷ᠂ 400 ᠮᠧᠲᠷ ᠤᠨ ᠣᠶᠢᠷ᠎ᠠ ᠬᠦᠶᠦᠬᠦ ᠤᠷᠤᠯᠳᠤᠭᠠᠨ᠂ ᠬᠦᠴᠦᠨ ᠵᠠᠯᠭᠠᠬᠤ ᠤᠷᠤᠯᠳᠤᠭᠠᠨ᠂ ᠲᠤᠭᠤᠯᠭᠠᠨ ᠪᠥᠮᠪᠦᠭᠡ ᠰᠢᠳᠡᠬᠦ᠂ ᠬᠤᠯᠠ ᠦᠰᠦᠷᠡᠭᠦ᠂ ᠳᠡᠭᠡᠰᠦ ᠦᠰᠦᠷᠡᠭᠦ᠂ ᠡᠯᠡᠰᠦᠨ ᠤᠭᠤᠳᠠ ᠰᠢᠳᠡᠬᠦ ᠵᠡᠷᠭᠡ ᠤᠷᠤᠯᠳᠤᠭᠠᠨ ᠤ ᠲᠦᠷᠦᠯ ᠢ ᠶᠠᠪᠤᠭᠳᠠᠭᠤᠯᠤᠭᠰᠠᠨ ᠪᠠᠶᠢᠨ᠎ᠠ᠃      ᠲᠤᠰ ᠤᠳᠠᠭᠠᠨ ᠤ ᠬᠡᠦᠬᠡᠳ ᠤᠨ ᠪᠠᠶᠠᠷ ᠢ ᠪᠡᠯᠡᠭᠯᠡᠬᠦ ᠰᠢᠷᠢᠰ ᠠᠵᠢᠯᠯᠠᠭ᠎ᠠ ᠨᠢ ᠬᠡᠦᠬᠡᠳ ᠤᠳ ᠲᠤ ᠥᠪᠡᠷ ᠢ  ᠪᠠᠨ ᠢᠯᠡᠷᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ ᠪᠠᠰᠠ ᠰᠤᠷᠭᠠᠭᠤᠯᠢ ᠶᠢᠨ ᠬᠦᠷᠢᠶᠡᠨ ᠤ ᠬᠡᠪ ᠴᠢᠨᠠᠷ  ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠬᠠᠷᠠᠭᠤᠯᠵᠤ᠂ ᠬᠡᠦᠬᠡᠳ ᠤᠳ ᠬᠠᠮᠳᠤ ᠳᠠᠭᠠᠨ ᠪᠠᠶᠠᠷ ᠤᠨ ᠡᠳᠦᠷ  ᠢᠶᠠᠨ ᠦᠩᠭᠡᠷᠡᠭᠦᠯᠦᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号