ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ︽ᠴᠠᠬᠠᠷ︾ ᠬᠤᠨᠳᠠᠭᠠᠲᠤ ᠨᠠᠰᠤᠲᠠᠶᠢᠴᠤᠳ ᠤᠨ ᠴᠢᠴᠢᠭᠦᠷ ᠪᠥᠮᠪᠦᠭᠡ ᠶᠢᠨ ᠤᠷᠤᠯᠳᠤᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2025/6/9
         ᠨᠠᠰᠤᠲᠠᠶᠢᠴᠤᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠰᠤᠲᠠᠶᠢᠴᠤᠳ ᠤᠨ ᠴᠢᠴᠢᠭᠦᠷ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠤᠨ᠂ ᠡᠯ᠎ᠡ ᠭᠠᠵᠠᠷ ᠤᠨ ᠨᠠᠰᠤᠲᠠᠶᠢᠴᠤᠳ ᠤᠨ ᠰᠣᠶᠣᠯ ᠪᠡᠶ᠎ᠡ ᠶᠢᠨ ᠲᠠᠮᠢᠷ ᠤᠨ ᠰᠣᠯᠢᠯᠴᠠᠭ᠎ᠠ ᠶᠢ ᠠᠬᠢᠭᠤᠯᠬᠤ ᠶᠢᠨ ᠲᠥᠯᠥᠭᠡ ᠰᠢᠯᠤᠭᠤᠨ ᠬᠥᠬᠡ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠰᠢᠯᠤᠭᠤᠨ ᠬᠥᠬᠡ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠴᠢᠴᠢᠭᠦᠷ ᠪᠥᠮᠪᠦᠭᠡ ᠶᠢᠨ ᠠᠵᠢᠯ ᠤᠨ ᠵᠥᠪᠯᠡᠯ ᠠᠴᠠ ᠳᠠᠭᠠᠭᠠᠴᠢᠯᠠᠨ ᠡᠷᠭᠢᠯᠡᠵᠦ᠂ ᠰᠢᠯᠤᠭᠤᠨ ᠬᠥᠬᠡ ᠬᠤᠰᠢᠭᠤᠨ ᠤ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ ᠠᠴᠠ ᠬᠠᠮᠵᠢᠨ ᠡᠷᠭᠢᠯᠡᠭᠰᠡᠨ ᠠᠷᠪᠠᠨ ᠨᠢᠭᠡᠳᠦᠭᠡᠷ ᠬᠤᠭᠤᠴᠠᠭᠠᠨ ᠤ ︽ᠴᠠᠬᠠᠷ︾ ᠬᠤᠨᠳᠠᠭᠠᠲᠤ ᠨᠠᠰᠤᠲᠠᠶᠢᠴᠤᠳ ᠤᠨ ᠴᠢᠴᠢᠭᠦᠷ ᠪᠥᠮᠪᠦᠭᠡ ᠶᠢᠨ ᠤᠷᠤᠯᠳᠤᠭᠠᠨ 5 ᠳ᠋ᠤᠭᠠᠷ ᠰᠠᠷ᠎ᠠ ᠶᠢᠨ 27 ᠤ ᠡᠳᠦᠷ ᠡᠬᠢᠯᠡᠯ᠎ᠡ᠃ ᠰᠢᠯᠢ ᠶᠢᠨ ᠭᠤᠤᠯ ᠠᠶᠢᠮᠠᠭ ᠤᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠲᠠᠶᠢᠪᠤᠰᠧ ᠬᠤᠰᠢᠭᠤ᠂ ᠳᠣᠯᠣᠨ ᠨᠠᠭᠤᠷ ᠰᠢᠶᠠᠨ  ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠵᠢᠴᠢ ᠪᠤᠰᠤᠳ ᠣᠨᠴᠠ ᠤᠷᠢᠭᠰᠠᠨ ᠲᠥᠯᠥᠭᠡᠯᠡᠭᠴᠢᠳ  ᠤᠨ ᠠᠩᠭᠢ ᠶᠢᠨ 12 ᠪᠦᠯᠬᠦᠮ ᠤᠷᠤᠯᠴᠠᠭᠰᠠᠨ ᠪᠠᠶᠢᠨ᠎ᠠ᠃       ᠤᠷᠤᠯᠳᠤᠭᠠᠨ ᠨᠢ 5 ᠰᠠᠷ᠎ᠠ ᠶᠢᠨ 27 ᠠᠴᠠ 29 ᠤ ᠡᠳᠦᠷ ᠪᠣᠯᠲᠠᠯ᠎ᠠ ᠭᠤᠷᠪᠠᠨ ᠡᠳᠦᠷ ᠶᠠᠪᠤᠭᠳᠠᠵᠦ᠂ ᠬᠠᠮᠲᠤ ᠶᠢᠨ ᠤᠷᠤᠯᠳᠤᠭᠠᠨ ᠪᠠ ᠬᠤᠪᠢ ᠬᠥᠮᠦᠨ ᠤ ᠤᠷᠤᠯᠳᠤᠭᠠᠨ ᠭᠡᠵᠦ ᠬᠤᠶᠠᠷ ᠲᠦᠷᠦᠯ ᠬᠤᠪᠢᠶᠠᠨ ᠶᠠᠪᠤᠭᠳᠠᠭᠤᠯᠵᠠᠢ᠃ 27 ᠤ ᠡᠳᠦᠷ ᠤᠨ ᠦᠳᠡ ᠶᠢᠨ ᠡᠮᠦᠨ᠎ᠡ ᠶᠠᠪᠤᠭᠳᠠᠭᠰᠠᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠯᠤᠭᠤᠨ ᠬᠥᠬᠡ ᠬᠤᠰᠢᠭᠤᠨ ᠤ ᠠᠭᠤᠳᠠᠮ ᠲᠠᠯᠠᠪᠠᠶ ᠶᠢᠨ ᠪᠥᠵᠢᠭ ᠤᠨ ᠨᠡᠶᠢᠭᠡᠮᠯᠢᠭ ᠪᠣᠯᠤᠨ ᠱᠠᠩᠳᠤ ᠶᠢᠨ ᠳᠠᠭᠤᠯᠠᠯ ᠳᠠᠭᠤᠤ ᠪᠥᠵᠢᠭ ᠤᠨ ᠨᠡᠶᠢᠭᠡᠮᠯᠢᠭ ᠠᠴᠠ ᠭᠤᠶᠢᠳᠠ ᠰᠠᠶᠢᠬᠠᠨ ᠲᠣᠭᠯᠠᠯᠲᠠ ᠪᠠᠷ ᠢᠶᠠᠨ ᠠᠬᠤᠢ ᠲᠠᠯᠠᠪᠠᠶ ᠶᠢᠨ ᠠᠭᠤᠷ ᠠᠮᠢᠰᠬᠤᠯ ᠢ ᠬᠥᠭᠵᠢᠭᠡᠭᠰᠡᠨ ᠪᠠᠶᠢᠨ᠎ᠠ᠃     ᠲᠣᠰ ᠤᠳᠠᠭᠠᠨ ᠤ ︽ᠴᠠᠬᠠᠷ︾ ᠬᠤᠨᠳᠠᠭᠠᠲᠤ ᠨᠠᠰᠤᠲᠠᠶᠢᠴᠤᠳ ᠤᠨ ᠴᠢᠴᠢᠭᠦᠷ ᠪᠥᠮᠪᠦᠭᠡ ᠶᠢᠨ ᠤᠷᠤᠯᠳᠤᠭᠠᠨ  ᠨᠢ ᠨᠠᠰᠤᠲᠠᠶᠢᠴᠤᠳ ᠤᠨ ᠴᠢᠴᠢᠭᠦᠷ ᠪᠥᠮᠪᠦᠭᠡ ᠶᠢᠨ ᠪᠠᠭ᠋ᠠᠳᠠᠳ ᠲᠤ ᠤᠷ᠎ᠠ ᠮᠡᠷᠭᠡᠵᠢᠯ᠂ ᠲᠤᠷᠰᠢᠯᠭ᠎ᠠ ᠪᠠᠨ ᠰᠣᠯᠢᠯᠴᠠᠬᠤ ᠲᠠᠪᠴᠠᠩ ᠬᠠᠩᠭᠠᠵᠤ᠂ ᠨᠠᠰᠤᠲᠠᠶᠢᠴᠤᠳ ᠤᠨ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠠᠮᠢᠳᠤᠷᠠᠯ  ᠢᠶᠠᠨ ᠬᠠᠶᠢᠷᠠᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠬᠠᠷᠠᠭᠤᠯᠤᠭᠰᠠᠨ ᠢᠶᠠᠷ ᠪᠠᠷᠠᠬᠤ ᠦᠭᠡᠢ ᠰᠢᠯᠤᠭᠤᠨ ᠬᠥᠬᠡ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠦᠶᠯᠡᠰ ᠤᠨ ᠬᠥᠭᠵᠢᠯᠲᠡ ᠶᠢ ᠠᠬᠢᠭᠤᠯᠬᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ  ᠳᠤ ᠢᠳᠡᠪᠬᠢᠲᠡᠶ ᠦᠶᠯᠡᠳᠦᠯ ᠦᠵᠡᠭᠦᠯᠦᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号