5 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠬᠤᠰᠢᠭᠤ | ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯᠳᠠᠯᠭᠠᠳᠤ ᠭᠤᠤᠯ ᠳᠤᠭᠤᠶᠢᠯᠠᠩ ᠤᠨ 2025 ᠣᠨ ᠤ 7 | ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ | ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠰᠢ ᠲᠥᠪ ᠤᠨ | ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾ | ᠂ ︽ᠨᠠᠶᠮᠠᠨ ᠲᠣᠭᠲᠠᠭᠠᠯ ᠳᠤᠮᠳᠠᠳᠤ ᠤᠯᠤᠰ ᠢ ᠬᠤᠪᠢᠷᠠᠭᠤᠯᠤᠭᠰᠠᠨ ᠨᠢ︾᠂ ᠲᠥᠪ ᠤᠨ ᠲᠠᠰ ᠳᠠᠪᠬᠤᠷᠭ᠎ᠠ ᠠᠴᠠ | ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠨ ᠬᠥᠮᠦᠵᠢᠭᠦᠯᠬᠦ ᠠᠵᠢᠯ ᠤᠨ ᠲᠤᠰᠬᠠᠶ ᠠᠩᠭᠢ᠂ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠲᠢᠩᠬᠢᠮ ᠠᠴᠠ ᠯᠢ ᠰᠢᠶᠠᠨ ᠯᠢᠨ᠂ ᠶᠧ ᠶᠢᠨ | ᠭᠤᠸᠠᠩ ᠵᠡᠷᠭᠡ ᠬᠥᠮᠦᠰ ᠤᠨ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠶ | ᠵᠥᠷᠢᠴᠡᠭᠰᠡᠨ ᠠᠰᠠᠭᠤᠳᠠᠯ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠡᠰᠡᠭ | ᠭᠤᠤᠯ ᠳᠤᠭᠤᠶᠢᠯᠠᠩ ᠤᠨ ᠪᠦᠷᠢᠯᠳᠦᠬᠦᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠷᠠᠯ ᠠᠴᠠ᠂ ᠨᠠᠮ ᠤᠨ ᠰᠤᠷᠲᠠᠯ ᠤᠨ ᠪᠠᠶᠢᠭᠤᠯᠤᠯᠲᠠ ᠨᠢ ᠨᠠᠮ ᠤᠨ ᠳᠦᠷᠢ ᠲᠥᠷᠬᠦ ᠲᠠᠢ ᠰᠢᠭᠤᠳ | ᠬᠤᠯᠪᠣᠭᠳᠠᠬᠤ ᠪᠠᠷ ᠪᠠᠷᠠᠬᠤ ᠦᠭᠡᠢ᠂ ᠠᠷᠠᠳ ᠤᠨ ᠰᠡᠳᠬᠢᠯ ᠤᠨ ᠬᠠᠨᠳᠤᠰᠢ ᠶᠢ ᠨᠡᠩ ᠭᠦᠨᠵᠡᠭᠡᠢ ᠨᠥᠯᠥᠭᠡᠯᠡᠵᠦ᠂ | ᠴᠢᠨᠠᠭᠰᠢᠯᠠᠪᠠᠯ ᠨᠠᠮ ᠤᠨ ᠠᠯᠤᠰ ᠢᠷᠡᠭᠡᠳᠦᠢ ᠲᠠᠢ ᠬᠤᠯᠪᠤᠭᠳᠠᠳᠠᠭ᠃ ᠰᠢᠯᠢᠳᠡᠭ ᠰᠠᠶᠢᠨ ᠠᠵᠢᠯ ᠤᠨ ᠰᠤᠷᠲᠠᠯ ᠪᠣᠯ | ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠶᠢᠨ ᠪᠠᠲᠤ ᠪᠠᠬᠢ ᠰᠠᠭᠤᠷᠢ ᠮᠥᠨ᠃ ᠰᠤᠷᠲᠠᠯ ᠤᠨ | ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ᠂ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠳᠠᠷᠤᠢ ᠲᠦᠷᠭᠡᠨ ᠦᠭᠡᠷᠡᠴᠢᠯᠡᠨ ᠴᠡᠭᠴᠡᠯᠡᠵᠦ᠂ ᠡᠷᠡᠰ | ᠵᠣᠷᠢᠭ ᠪᠠ ᠲᠦᠪ ᠴᠢᠩᠭ᠎ᠠ ᠣᠪᠣᠷ ᠢᠶᠠᠷ ᠰᠤᠷᠳᠠᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ | ᠴᠢᠬᠤᠯᠠᠴᠢᠯᠠᠭᠰᠠᠨ ᠪᠠᠶᠢᠨ᠎ᠠ᠃ | ᠬᠤᠷᠠᠯ ᠠᠴᠠ᠂ ᠨᠠᠮ ᠤᠨ ᠭᠡᠰᠢᠭᠦᠨ ᠺᠠᠳ᠋᠊ ᠲᠠᠶᠢᠴᠢᠯᠠᠨ ᠳᠠᠭᠠᠭᠤᠯᠬᠤ ᠦᠢᠯᠡᠳᠦᠯ ᠢᠶᠠᠨ ᠭᠦᠢᠴᠡᠳ | ᠪᠠᠳᠠᠷᠠᠭᠤᠯᠤᠨ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠵᠢᠯᠤᠭᠤᠳᠤᠯᠭ᠎ᠠ | ᠪᠤᠯᠭᠠᠨ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠳᠠᠶᠢᠴᠢᠯᠠᠬᠤ | ᠬᠡᠷᠡᠭᠲᠡᠢ᠃ ᠦᠵᠡᠯ ᠰᠠᠨᠠᠭᠠᠨ ᠤ ᠦᠨᠳᠦᠰᠦ ᠰᠠᠭᠤᠷᠢ ᠪᠠᠨ ᠪᠠᠬᠢᠵᠢᠭᠦᠯᠵᠦ᠂ ᠲᠦᠪ ᠪᠤᠰᠤ ᠰᠤᠷᠲᠠᠯ ᠢ ᠴᠡᠭᠴᠡᠯᠡᠨ | ᠵᠠᠰᠠᠬᠤ ᠬᠡᠷᠡᠭᠲᠡᠢ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ | ᠬᠥᠮᠦᠵᠢᠯ ᠢ ᠭᠦᠨᠵᠡᠭᠡᠢ ᠲᠤᠭᠤᠰᠢᠯᠠᠭᠤᠯᠵᠤ᠂ ︽ᠪᠤᠳᠠᠳᠠᠢ ᠵᠢᠱᠢᠶ᠎ᠡ ᠪᠠᠷ ᠰᠤᠷᠤᠯᠴᠠᠯᠭ᠎ᠠ ᠶᠢ ᠠᠬᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ︾ ᠬᠥᠮᠦᠵᠢᠯ ᠤᠨ ᠠᠷᠭ᠎ᠠ ᠮᠠᠶ᠋ᠢᠭ ᠢ ᠰᠠᠶᠢᠲᠤᠷ ᠬᠡᠷᠡᠭᠯᠡᠨ᠂ ᠨᠡᠶᠢᠲᠡᠯᠢᠭ ᠬᠡᠷᠡᠭ ᠤᠨ | ᠵᠢᠱᠢᠶ᠎ᠡ ᠪᠠᠷ ᠲᠤᠯᠢᠳᠠᠯ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ | ᠬᠡᠷᠡᠭᠳᠡᠢ ᠭᠡᠵᠦ ᠱᠠᠭᠠᠷᠳᠠᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯᠳᠠᠯᠭᠠᠳᠤ ᠲᠤᠭᠤᠶᠢᠯᠠᠩ ᠤᠨ ᠪᠦᠷᠢᠯᠳᠦᠬᠦᠨ᠂ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ | |