ᠬᠡᠦᠬᠡᠳ ᠤᠳ ᠤᠨ ᠬᠦᠰᠡᠨ ᠬᠦᠯᠢᠶᠡᠭᠰᠡᠨ ᠵᠢᠷᠭᠤᠭᠠᠨ ᠰᠠᠷ᠎ᠠ ᠶᠢᠨ ᠨᠢᠭᠡᠨ ᠪᠤᠯᠵᠤᠭ᠎ᠠ ᠶᠤᠰᠤᠭᠠᠷ | ᠰᠤᠷᠭᠠᠭᠤᠯᠢ ᠶᠢᠨ ᠬᠦᠷᠢᠶᠡᠨ᠎ᠡ ᠰᠠᠭᠠᠳᠠᠵᠤ᠂ ᠬᠦᠭᠡᠷᠦᠭᠦᠨ ᠴᠢᠷᠠᠢ ᠳᠠᠭᠠᠨ ᠬᠦᠰᠡᠯ ᠮᠦᠷᠦᠭᠡᠳᠦᠯ ᠪᠢᠯᠬᠠᠭᠤᠯᠤᠭᠰᠠᠨ | ᠬᠡᠦᠬᠡᠳ ᠤᠳ ᠮᠠᠨᠢ ᠬᠠᠮᠳᠤ ᠳᠠᠭᠠᠨ ᠪᠠᠶᠠᠰᠬᠤᠯᠠᠩᠲᠤ ᠮᠥᠴᠡ ᠪᠠᠨ ᠤᠭᠳᠤᠨ ᠠᠪᠴᠢᠷᠠᠯ᠎ᠠ᠃ 5 ᠰᠠᠷ᠎ᠠ ᠶᠢᠨ 28 | ᠤ ᠡᠳᠦᠷ᠂ ᠰᠢᠯᠤᠭᠤᠨ ᠬᠥᠬᠡ ᠬᠤᠰᠢᠭᠤᠨ ᠤ ᠨᠢᠭᠡᠳᠦᠭᠡᠷ ᠬᠡᠦᠬᠡᠳ ᠤᠨ ᠴᠡᠴᠡᠷᠯᠢᠭ ᠤᠨ ︽6.1︾ ᠢᠶᠠᠨ | ᠪᠡᠯᠭᠡᠯᠡᠬᠦ ᠠᠵᠢᠯᠯᠠᠭ᠎ᠠ ᠰᠦᠷ ᠵᠢᠪᠬᠤᠯᠠᠩᠲᠤ ᠲᠤᠭ ᠮᠠᠨᠳᠤᠭᠤᠯᠬᠤ ᠶᠣᠰᠣᠯᠠᠯ ᠢᠶᠠᠷ ᠡᠬᠢᠯᠡᠯᠳᠡ ᠶᠢᠨ ᠬᠦᠰᠢᠭᠡ ᠪᠠᠨ | ᠰᠡᠬᠦᠯ᠎ᠡ᠃ ᠴᠡᠴᠡᠷᠯᠢᠭ ᠤᠨ ᠬᠠᠷᠢᠭᠤᠴᠠᠯᠭᠠᠳᠠᠨ ᠠᠴᠠ ᠪᠠᠶᠠᠷ ᠤᠨ ᠦᠭᠡ ᠬᠡᠯᠡᠵᠦ᠂ ᠬᠡᠦᠬᠡᠳ ᠤᠳ ᠲᠤ ᠰᠠᠶᠢᠨ | ᠰᠠᠶᠢᠬᠠᠨ ᠬᠦᠰᠡᠯ ᠡᠷᠡᠮᠡᠯᠵᠡᠯ ᠢᠶᠠᠨ ᠢᠯᠡᠳᠭᠡᠨ ᠰᠢᠷᠭᠠᠭᠤ ᠬᠠᠲᠠᠭᠤᠵᠢᠯᠲᠠᠶ ᠠᠵᠢᠯᠯᠠᠵᠤ ᠪᠠᠶᠢᠭ᠎ᠠ ᠪᠠᠭᠰᠢ ᠠᠵᠢᠯᠳᠠᠨ | ᠵᠢᠴᠢ ᠠᠵᠢᠯᠯᠠᠭ᠎ᠠ ᠳᠤ ᠪᠥᠬᠦ ᠬᠦᠴᠦᠨ ᠢᠶᠠᠷ ᠢᠶᠠᠨ ᠳᠡᠮᠵᠢᠯᠭᠡ ᠦᠵᠡᠭᠦᠯᠦᠭᠰᠡᠨ ᠬᠡᠷ ᠤᠨ ᠠᠬᠠᠮᠠᠳ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠬᠦᠯᠦᠭᠰᠡᠨ ᠪᠦᠭᠡᠳ ᠰᠢᠯᠢᠳᠡᠭ ᠠᠩᠭᠢ ᠨᠢᠭᠡᠴᠡ ᠪᠠ ᠵᠢᠱᠢᠶᠡᠴᠢ ᠭᠡᠷ ᠪᠦᠯᠢ ᠶᠢ | ᠬᠥᠬᠢᠭᠦᠯᠦᠨ ᠰᠠᠶᠢᠰᠢᠶᠠᠭᠰᠠᠨ ᠪᠠᠶᠢᠨ᠎ᠠ᠃ | ᠵᠠᠯᠭᠠᠭᠠᠳ ᠶᠠᠪᠤᠭᠳᠠᠭᠰᠠᠨ ᠬᠡᠦᠬᠡᠳ ᠤᠳ ᠤᠨ ᠲᠤᠭᠤᠢ ᠲᠡᠷᠭᠡᠨ ᠤ ᠦᠵᠡᠭᠦᠯᠦᠯᠭᠡ᠂ ᠪᠡᠶ᠎ᠡ ᠶᠢᠨ ᠲᠠᠮᠢᠷ ᠤᠨ | ᠦᠵᠡᠭᠦᠯᠦᠯᠭᠡ᠂ ᠴᠠᠭᠠᠷᠢᠭ ᠤᠨ ᠪᠦᠵᠢᠭ᠂ ᠰᠠᠪᠬᠠᠨ ᠪᠦᠵᠢᠭ᠂ ᠰᠢᠬᠦᠷ ᠤᠨ ᠳᠠᠮᠢᠷ ᠵᠡᠷᠭᠡ ᠲᠤᠭᠯᠠᠯᠳᠠ ᠨᠤᠭᠤᠳ ᠨᠢ | ᠪᠢᠴᠢᠬᠠᠨ ᠪᠦᠪᠡᠢ ᠨᠠᠷ ᠤᠨ ᠢᠲᠡᠭᠡᠯ ᠲᠡᠭᠦᠯᠳᠡᠷ ᠬᠦᠳᠡᠯᠭᠡᠭᠡᠨ᠂ ᠴᠤᠪᠤᠭᠤ ᠴᠤᠯᠬᠢᠨ ᠵᠠᠩ ᠴᠢᠨᠠᠷ ᠢ ᠬᠦᠢᠴᠡᠳ | ᠢᠯᠡᠷᠡᠭᠦᠯᠦᠨ᠂ ︽ᠭᠠᠯᠲᠤ ᠲᠡᠷᠭᠡ︾᠂ ︽ᠬᠦᠴᠦᠨ ᠵᠠᠯᠭᠠᠬᠤ︾ ᠵᠡᠷᠭᠡ ᠰᠣᠨᠢᠷᠬᠠᠯᠲᠠᠶ ᠲᠣᠭᠯᠠᠭᠠᠮ ᠳᠤ ᠭᠡᠷ ᠤᠨ | ᠠᠬᠠᠮᠠᠳ ᠬᠡᠦᠬᠡᠳ ᠲᠠᠢ ᠬᠠᠮᠳᠤ ᠤᠷᠤᠯᠴᠠᠵᠤ᠂ ᠲᠤᠬᠠᠶ ᠶᠢᠨ ᠲᠠᠯᠠᠪᠠᠶ ᠪᠠᠶᠠᠷ ᠬᠥᠷ ᠢᠶᠠᠷ ᠪᠢᠯᠬᠠᠵᠤ ᠪᠠᠶᠢᠯ᠎ᠠ᠃ | ᠴᠡᠴᠡᠷᠯᠢᠭ ᠤᠨ ᠪᠠᠭᠰᠢ ᠨᠠᠷ ᠪᠠᠰᠠ ᠪᠡᠶ᠎ᠡ ᠶᠢᠨ ᠲᠠᠮᠢᠷ ᠤᠨ ᠦᠵᠡᠭᠦᠯᠦᠯᠭᠡ ᠭᠠᠷᠭᠠᠵᠤ᠂ ᠳᠠᠯᠠᠪᠠᠢ ᠳᠤ ᠪᠠᠶᠢᠭ᠎ᠠ | ᠬᠡᠦᠬᠡᠳ ᠪᠤᠯᠤᠨ ᠭᠡᠷ ᠤᠨ ᠠᠬᠠᠮᠠᠳ ᠲᠤ ᠭᠤᠶᠢᠳᠠ ᠰᠠᠶᠢᠬᠠᠨ ᠲᠤᠭᠯᠠᠯᠳᠠ ᠪᠠᠨ ᠰᠤᠨᠢᠷᠬᠠᠭᠤᠯᠤᠯ᠎ᠠ᠃ | ᠮᠥᠨ ᠲᠤᠰ ᠡᠳᠦᠷ᠂ ᠰᠢᠯᠤᠭᠤᠨ ᠬᠦᠬᠡ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠬᠦᠷᠢᠶᠡᠨ | ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠵᠤ᠂ ᠬᠡᠦᠬᠡᠳ ᠤᠳ ᠪᠠᠭᠰᠢ ᠬᠡᠷ ᠤᠨ ᠠᠬᠠᠮᠠᠳ ᠲᠠᠢ | ᠪᠠᠨ ᠬᠠᠮᠳᠤ ᠪᠠᠶᠠᠷ ᠤᠨ ᠡᠳᠦᠷ ᠢᠶᠠᠨ ᠪᠡᠯᠭᠡᠯᠡᠯ᠎ᠡ᠃ | ᠠᠵᠢᠯᠯᠠᠭ᠎ᠠ ᠪᠠᠷ ᠶᠠᠭᠤᠨ ᠤ ᠡᠮᠦᠨ᠎ᠡ ᠤᠯᠤᠰ ᠤᠨ ᠲᠤᠭ ᠤᠨ ᠡᠩᠨᠡᠭᠡ ᠢᠳᠡᠷᠭᠦᠨ ᠠᠯᠬᠤᠭ᠎ᠠ ᠪᠠᠷ ᠳᠠᠯᠠᠪᠠᠢ ᠳᠤ | ᠤᠷᠤᠵᠤ ᠢᠷᠡᠨ᠂ ᠵᠠᠯᠭᠠᠭᠠᠳ ᠰᠤᠷᠭᠠᠭᠤᠯᠢ ᠶᠢᠨ ᠲᠤᠭ᠂ ᠬᠤᠰᠢᠭᠤᠴᠢ ᠠᠩᠬᠢ ᠶᠢᠨ ᠲᠤᠭ᠂ ᠬᠡᠩᠭᠡᠷᠭᠡ ᠶᠢᠨ | ᠠᠩᠭᠢ᠂ ᠪᠥᠵᠢᠭ ᠤᠨ ᠵᠢᠭᠰᠠᠭᠠᠯ ᠵᠡᠷᠭᠡ ᠡᠩᠨᠡᠭᠡ ᠳᠡᠷᠢ ᠳᠡᠭᠰᠢ ᠵᠢᠬᠰᠠᠨ᠂ ᠤᠯᠤᠰ ᠤᠨ ᠲᠤᠭ ᠮᠠᠨᠳᠤᠭᠤᠯᠬᠤ | ᠶᠣᠰᠣᠯᠠᠯ ᠶᠠᠪᠤᠭᠳᠠᠭᠤᠯᠵᠤ᠂ ᠰᠤᠷᠭᠠᠭᠤᠯᠢ ᠠᠴᠠ ︽ᠭᠤᠷᠪᠠᠨ ᠰᠠᠶᠢᠨᠲᠠᠶ ᠰᠣᠷᠣᠭᠴᠢ︾᠂ ︽ᠰᠢᠯᠢᠳᠡᠭ ᠪᠠᠭᠠᠴᠤᠳ | ᠤᠨ ᠬᠤᠰᠢᠭᠤᠴᠢ ᠠᠩᠭᠢ ᠶᠢᠨ ᠭᠡᠰᠢᠭᠦᠨ︾᠂ ︽ᠰᠤᠷᠤᠯᠭ᠎ᠠ ᠶᠢᠨ ᠤᠳᠤᠨ︾ ᠢ ᠱᠠᠩᠨᠠᠨ ᠬᠦᠬᠢᠬᠦᠯᠦᠭᠰᠡᠨ ᠪᠠᠶᠢᠨ᠎ᠠ᠃ | ᠤᠷᠠᠨ ᠰᠠᠶᠢᠬᠠᠨ ᠤ ᠲᠤᠭᠯᠠᠯᠳᠠ ᠪᠠᠷ ᠪᠠᠭᠰᠢ ᠪᠣᠯᠤᠨ ᠬᠡᠷ ᠤᠨ ᠠᠬᠠᠮᠠᠳ ᠤᠨ ᠲᠥᠯᠥᠭᠡᠯᠡᠭᠴᠢ ᠠᠴᠠ ︽ | ᠬᠦᠰᠡᠯ︾ ︽ᠥᠪᠥᠷ ᠮᠣᠩᠭᠤᠯ ᠢᠶᠠᠨ ᠮᠠᠭᠲᠠᠨ ᠳᠠᠭᠤᠯᠠᠶ᠎ᠠ︾ ᠵᠡᠷᠭᠡ ᠳᠠᠭᠤᠤ ᠪᠠᠨ ᠡᠷᠭᠦᠵᠦ᠂ ᠶᠠᠲᠤᠭ᠎ᠠ ᠶᠢᠨ | ᠨᠠᠶᠢᠷᠠᠯ ᠰᠤᠨᠢᠷᠬᠠᠭᠤᠯᠤᠨ᠂ ᠢᠷᠠᠭᠤ ᠨᠠᠶᠢᠷᠠᠭ ᠢᠶᠠᠨ ᠤᠶᠠᠩᠭᠠᠯᠠᠵᠤ᠂ ᠠᠬᠤᠢ ᠳᠠᠯᠠᠪᠠᠢ ᠶᠢᠨ ᠠᠭᠤᠷ ᠠᠮᠢᠰᠬᠤᠯ ᠢ | ᠬᠦᠭᠵᠢᠭᠡᠯ᠎ᠡ᠃ ᠲᠠᠯᠠᠪᠠᠢ ᠳᠡᠭᠡᠷ᠎ᠡ᠂ ᠳᠠᠭᠤᠤ᠂ ᠬᠥᠭᠵᠢᠮ᠂ ᠤᠷᠠᠨ ᠤᠩᠰᠢᠯᠭ᠎ᠠ ᠵᠡᠷᠭᠡ ᠭᠤᠴᠤ ᠰᠠᠶᠢᠬᠠᠨ | ᠲᠤᠭᠯᠠᠯᠳᠠ ᠨᠤᠭᠤᠳ ᠵᠠᠯᠠᠭ᠎ᠠ ᠪᠠᠷ ᠶᠠᠪᠤᠭᠳᠠᠵᠤ᠂ ᠬᠡᠦᠬᠡᠳ ᠤᠳ ᠤᠷ᠎ᠠ ᠠᠪᠢᠶᠠᠰ ᠢᠶᠠᠨ ᠦᠵᠡᠭᠦᠯᠦᠨ ᠴᠤᠭ | ᠵᠢᠪᠬᠤᠭ᠎ᠠ ᠪᠠᠨ ᠭᠦᠢᠴᠡᠳ ᠢᠯᠡᠷᠡᠭᠦᠯᠵᠦ ᠪᠠᠶᠢᠯ᠎ᠠ᠃ | ᠡᠭᠦᠨ ᠠᠴᠠ ᠭᠠᠳᠠᠨ᠎ᠠ ᠪᠠᠰᠠ ᠰᠢᠷᠡᠭᠡᠨ ᠪᠥᠵᠢᠭ ᠤᠨ ᠤᠷᠤᠯᠳᠤᠭᠠᠨ ᠶᠠᠪᠤᠭᠳᠠᠭᠤᠯᠵᠤ᠂ ᠬᠡᠦᠬᠡᠳ ᠤᠳ ᠳᠠᠭᠤᠤ | ᠬᠥᠭᠵᠢᠮ ᠤᠨ ᠬᠠᠪᠰᠤᠷᠤᠯᠭ᠎ᠠ ᠳᠣᠤᠷ᠎ᠠ ᠪᠦᠲᠦᠭᠡᠯᠴᠢ ᠴᠢᠨᠠᠷᠲᠠᠶ ᠪᠥᠵᠢᠭ ᠢᠶᠠᠨ ᠰᠤᠨᠢᠷᠬᠠᠭᠤᠯᠵᠤ᠂ ᠠᠩᠬᠢ ᠨᠡᠶᠢᠳᠡ | ᠶᠢᠨ ᠪᠦᠯᠬᠦᠮᠳᠡᠯ ᠪᠠ ᠴᠤᠭ ᠵᠢᠪᠬᠤᠭ᠎ᠠ ᠶᠢ ᠬᠠᠷᠠᠭᠤᠯᠵᠠᠢ᠃ | ᠲᠣᠰ ᠤᠳᠠᠭᠠᠨ ᠤ ︽6᠂ 1︾ ᠤ ᠠᠵᠢᠯᠯᠠᠭ᠎ᠠ ᠨᠢ ᠬᠡᠦᠬᠡᠳ ᠤᠳ ᠲᠤ ᠥᠪᠡᠷ ᠢ ᠪᠠᠨ ᠢᠯᠡᠷᠡᠭᠦᠯᠬᠦ | ᠲᠠᠪᠴᠠᠩ ᠬᠠᠩᠭᠠᠵᠤ ᠦᠭᠭᠦᠭᠰᠡᠨ ᠢᠶᠠᠷ ᠪᠠᠷᠠᠬᠤ ᠥᠬᠡᠶ ᠨᠠᠩ ᠴᠤ ᠲᠡᠳᠡᠨ ᠳᠤ ᠠᠵᠢᠯᠯᠠᠭᠠᠨ ᠤ ᠳᠤᠮᠳᠠ ᠠᠴᠠ ᠪᠠᠶᠠᠷ | ᠪᠠᠶᠠᠰᠤᠯ᠂ ᠦᠰᠦᠨ ᠪᠣᠶᠢᠵᠢᠯᠲᠠ ᠪᠠ ᠨᠥᠬᠦᠷᠯᠡᠯ ᠢ ᠤᠶᠢᠯᠠᠭᠠᠭᠤᠯᠵᠤ᠂ ᠠᠩᠬᠢ ᠨᠢᠭᠡᠴᠡ ᠶᠢᠨ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠠᠬᠢᠭᠤᠯᠤᠭᠰᠠᠨ ᠪᠠᠶᠢᠨ᠎ᠠ᠃ | |