5 ᠰᠠᠷ᠎ᠠ ᠶᠢᠨ 28 ᠤ ᠡᠳᠦᠷ᠂ ᠰᠢᠯᠤᠭᠤᠨ ᠬᠥᠬᠡ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ | ᠰᠢᠰᠲ᠋ᠧᠮ ᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠤᠯᠤᠰ ᠲᠥᠷᠥ ᠶᠢᠨ ᠡᠭᠡᠯᠵᠢᠯᠡᠨ | ᠪᠣᠯᠪᠠᠰᠤᠷᠠᠭᠤᠯᠬᠤ ᠠᠩᠭᠢ ᠵᠢᠴᠢ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠬᠤᠰᠢᠭᠤ ᠨᠠᠮ ᠤᠨ ᠬᠤᠷᠢᠶᠠᠨ | ᠤ ᠨᠠᠮ ᠤᠨ ᠰᠤᠷᠭᠠᠭᠤᠯᠢ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠵᠦᠪᠯᠡᠯ ᠤᠨ ᠱᠦᠵᠢ ᠹᠧᠩ ᠵᠢᠶᠠᠨ ᠵᠢᠶᠦ᠋ᠨ ᠪᠤᠯᠪᠠᠰᠤᠷᠠᠯ ᠡᠬᠢᠯᠡᠬᠦ ᠶᠣᠰᠣᠯᠠᠯ ᠳᠤ | ᠣᠷᠣᠯᠴᠠᠵᠤ ᠶᠠᠷᠢᠶ᠎ᠠ ᠳᠠᠯᠪᠢᠵᠠᠢ᠃ | ᠲᠤᠰ ᠤᠳᠠᠭᠠᠨ ᠤ ᠪᠣᠯᠪᠠᠰᠤᠷᠠᠯ ᠨᠢ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ︾᠂ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ᠂ ︽ᠳᠤᠮᠳᠠᠳᠤ ᠤᠯᠤᠰ | ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠵᠢᠴᠢ ᠶᠡᠷᠦᠩᠬᠡᠶᠢᠯᠡᠨ ᠵᠠᠰᠠᠬᠤ ᠲᠥᠪ | ᠤᠨ ᠵᠢᠷᠤᠮᠵᠢᠭᠰᠠᠨ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠭᠤᠯᠭ᠎ᠠ ᠶᠢᠨ ᠲᠤᠭᠤᠷᠢᠨ ᠳᠤ | ᠬᠢᠴᠢᠶᠡᠯᠯᠡᠭᠰᠡᠨ ᠪᠠᠶᠢᠨ᠎ᠠ᠃ | ᠪᠤᠯᠪᠠᠰᠤᠷᠠᠯ ᠠᠴᠠ᠂ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠨᠢ ᠨᠡᠶᠢᠭᠡᠮ ᠤᠨ ᠲᠣᠭᠲᠠᠭᠤᠨ | ᠢ ᠬᠠᠮᠠᠭᠠᠯᠠᠬᠤ᠂ ᠲᠥᠪ ᠭᠤᠤᠯᠴᠢ ᠰᠢᠳᠤᠷᠭᠤ ᠶᠣᠰᠣ ᠶᠢ ᠪᠠᠲᠤᠯᠠᠬᠤ ᠭᠤᠤᠯ ᠬᠦᠴᠦᠨ ᠪᠣᠯᠤᠭᠰᠠᠨ ᠤ ᠬᠤᠪᠢ ᠳᠤ᠂ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠬᠠᠩᠭᠠᠬᠤ ᠴᠢᠬᠤᠯᠠ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ | ᠲᠣᠰ ᠤᠳᠠᠭᠠᠨ ᠤ ᠪᠤᠯᠪᠠᠰᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ | ᠱᠤᠭᠤᠵᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠦᠨ᠂ ᠰᠤᠷᠤᠯᠴᠠᠯᠭ᠎ᠠ ᠪᠠᠷ ᠰᠤᠷᠲᠠᠯ ᠢ ᠲᠥᠪ | ᠪᠣᠯᠭᠠᠵᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠤᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ | ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠳᠤ ᠦᠶᠯᠡᠴᠢᠯᠡᠬᠦ᠂ ᠠᠷᠠᠳ ᠤᠨ ᠠᠮᠢᠳᠤᠷᠠᠯ ᠢ ᠪᠠᠲᠤᠯᠠᠬᠤ ᠪᠣᠳᠠᠲᠤ | ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠠᠩ ᠥᠨᠳᠥᠷ ᠲᠦᠪᠰᠢᠨ ᠪᠥᠬᠦᠶ ᠠᠮᠤᠭᠤᠯᠠᠩ ᠰᠢᠯᠤᠭᠤᠨ ᠬᠥᠬᠡ | ᠬᠤᠰᠢᠭᠤ᠂ ᠬᠠᠥᠯᠢᠵᠢᠬᠰᠠᠨ ᠰᠢᠯᠤᠭᠤᠨ ᠬᠥᠬᠡ ᠬᠤᠰᠢᠭᠤ ᠶᠢ ᠪᠥᠲᠥᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃ | ᠬᠤᠰᠢᠭᠤ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠤᠳᠤᠷᠢᠳᠬᠤ ᠪᠠᠭ ᠤᠨ | ᠪᠦᠷᠢᠯᠳᠦᠬᠦᠨ ᠵᠢᠴᠢ ᠭᠡᠰᠡᠭ ᠺᠠᠳ᠋ᠷ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠵᠦᠪᠯᠡᠯ ᠤᠨ ᠭᠡᠰᠢᠭᠦᠨ᠂ ᠬᠤᠰᠢᠭᠤ ᠰᠤᠮᠤ ᠪᠠᠯᠭᠠᠰᠤ ᠬᠤᠶᠠᠷ ᠱᠠᠲᠤᠨ ᠤ | ᠶᠡᠷᠦᠩᠬᠡᠶᠢᠯᠡᠨ ᠵᠠᠰᠠᠬᠤ ᠲᠥᠪ ᠤᠨ ᠬᠠᠷᠢᠭᠤᠴᠠᠯᠭᠠᠲᠠᠨ᠂ ᠲᠤᠬᠠᠶᠢᠯᠠᠭᠰᠠᠨ ᠠᠵᠢᠯ ᠤᠨ ᠠᠵᠢᠯᠲᠠᠨ ᠵᠢᠴᠢ ᠡᠭᠡᠯᠵᠢᠯᠡᠨ | ᠰᠠᠭᠤᠭ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ | ᠴᠠᠭᠠᠵᠠ ᠶᠢᠨ ᠵᠦᠪᠯᠡᠯ ᠤᠨ ᠪᠥᠬᠦ ᠺᠠᠳ᠋ᠷ ᠪᠣᠯᠪᠠᠰᠤᠷᠠᠯ ᠳᠤ ᠤᠷᠤᠯᠴᠠᠵᠠᠢ᠃ | |