ᠰᠢᠯᠤᠭᠤᠨ ᠬᠥᠬᠡ ᠬᠤᠰᠢᠭᠤᠨ ᠤ ᠲᠠᠯ᠎ᠠ ᠨᠤᠲᠤᠭ ᠤᠨ ᠣᠷᠠᠯᠢᠭ ᠤᠨ ᠨᠢᠭᠡᠳᠦᠯ ᠪᠠ‌‍ᠰᠤᠷᠭᠠᠭᠤᠯᠢ ᠬᠠᠮᠳᠤᠷᠠᠨ ᠣᠷᠠᠨ ᠵᠢᠷᠤᠭ ᠤᠨ ᠦᠢᠯᠡᠳᠦᠯᠭᠡ ᠶᠢᠨ ᠠᠵᠢᠯᠯᠠᠭ᠎ᠠ ᠥᠷᠨᠢᠬᠦᠯᠪᠡ
ᠨᠡᠶᠢᠲᠡᠯᠡᠭᠰᠡᠨ ᠴᠠᠭ᠄
2025/6/9
         ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠤᠨ‌ᠨᠠᠶᠢᠳᠠᠪᠤᠷᠢᠵᠢᠭᠤᠯᠵᠤ᠂ ᠤᠷᠠᠯᠢᠭ ᠤᠨ ᠬᠥᠮᠦᠵᠢᠯ ᠬᠢᠭᠡᠳ ᠦᠶᠯᠡᠳᠦᠯᠭᠡ ᠶᠢᠨ ᠭᠦᠨᠵᠡᠭᠡᠶ ᠤᠶᠠᠯᠳᠤᠯ ᠢ ᠠᠬᠢᠭᠤᠯᠬᠤ ᠶᠢᠨ ᠲᠥᠯᠥᠭᠡ᠂ ᠰᠢᠯᠤᠭᠤᠨ ᠬᠥᠬᠡ ᠬᠤᠰᠢᠭᠤᠨ ᠤ ᠲᠠᠯ᠎ᠠ ᠨᠤᠲᠤᠭ ᠤᠨ ᠤᠷᠠᠯᠢᠭ ᠤᠨ ᠨᠢᠭᠡᠳᠦᠯ ᠪᠠ ᠰᠢᠯᠢ ᠶᠢᠨ ᠭᠤᠤᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠵᠢᠯᠴᠠᠨ ᠬᠥᠮᠦᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ 90 ᠭᠠᠷᠤᠶ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠨ ᠬᠠᠭᠠᠰ ᠰᠠᠷ᠎ᠠ ᠶᠢᠨ ᠬᠤᠭᠤᠴᠠᠭ᠎ᠠ ᠲᠠᠢ ᠣᠷᠠᠨ ᠵᠢᠷᠤᠭ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠵᠢᠷᠤᠭ ᠢᠶᠠᠷ ᠵᠠᠭᠤᠴᠢ ᠪᠣᠯᠭᠠᠨ᠂ ᠲᠠᠯ᠎ᠠ ᠨᠤᠲᠤᠭ ᠤᠨ ᠥᠪᠡᠷᠮᠢᠴᠡ ᠣᠨᠴᠠᠯᠢᠭ ᠢ‌ᠢᠯᠡᠷᠡᠭᠦᠯᠵᠦ᠂ ᠤᠷᠠᠯᠢᠭ ᠤᠨ ᠬᠥᠮᠦᠵᠢᠯ ᠬᠢᠭᠡᠳ ᠣᠷᠣᠨ ᠨᠤᠲᠤᠭ ᠤᠨ ᠰᠣᠶᠣᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ ᠪᠠᠶᠢᠨ᠎ᠠ᠃        6 ᠰᠠᠷ᠎ᠠ ᠶᠢᠨ 6 ᠤ ᠡᠳᠦᠷ᠂ ᠰᠤᠷᠪᠤᠯᠵᠢᠯᠠᠭᠴᠢ ᠲᠠᠪᠦ‍ ᠨᠢᠬᠡ ᠮᠠᠯᠵᠢᠯ ᠤᠨ ᠲᠠᠯᠠᠪᠠᠢ ᠶᠢᠨ ᠤᠯᠠᠭᠠᠨᠲᠠᠢ ᠵᠤᠰᠠᠯᠠᠩ ᠤᠨ ᠭᠠᠵᠠᠷ ᠬᠦᠷᠬᠦ ᠳᠤ ᠬᠡᠶᠢᠪᠥᠩ ᠭᠤᠣᠯ ᠠᠴᠠ ᠡᠬᠢ ᠠᠪᠤᠭᠰᠠᠨ ᠤᠰᠤ ᠪᠣᠯᠠᠭ ᠭᠤᠷᠴᠢᠭᠢᠨᠠᠨ ᠣᠷᠣᠰᠣᠨ᠎ᠠ᠃ ᠥᠷᠭᠡᠨ ᠠᠭᠤᠳᠠᠮ ᠲᠠᠯ᠎ᠠ ᠨᠤᠲᠤᠭ ᠨᠢ ᠬᠥᠬᠡ ᠲᠩᠷᠢ ᠬᠦᠬᠡᠮᠳᠦᠭ ᠴᠠᠭᠠᠨ ᠡᠭᠦᠯᠡ ᠲᠠᠢ ᠵᠠᠯᠭᠠᠯᠳᠤᠵᠤ᠂ ᠲᠠᠨᠠᠨ ᠴᠠᠭᠠᠨ ᠮᠣᠩᠭᠤᠯ ᠭᠡᠷ ᠨᠢ ᠲᠠᠯ᠎ᠠ‌‍ᠲ᠋ᠡᠭᠡᠷ᠎ᠡ ᠴᠢᠮᠡᠭᠯᠡᠭᠳᠡᠵᠦ᠂ ᠰᠢᠯᠦᠭ ᠵᠢᠷᠤᠭ ᠮᠡᠲᠦ ᠲᠠᠯ᠎ᠠ ᠨᠤᠲᠤᠭ ᠤᠨ ᠦᠵᠡᠮᠵᠢ ᠶᠢᠨ ᠵᠢᠷᠤᠭ ᠢ ᠪᠦᠷᠢᠯᠳᠦᠭᠦᠯᠵᠡᠶ᠃ ᠪᠠᠭᠰᠢ ᠰᠤᠷᠤᠭᠴᠢᠳ ᠡᠨᠡ ᠬᠦ ᠭᠤᠶᠣ ᠦᠵᠡᠮᠵᠢ ᠳᠤ ᠰᠣᠭᠲᠣᠭᠤᠷᠠᠵᠤ᠂ ᠤᠰᠤᠨ ᠪᠤᠳᠤᠭ᠂ ᠲᠣᠰᠣᠨ ᠵᠢᠷᠤᠭ ᠵᠡᠷᠭᠡ‌ᠠᠳᠠᠯᠢ ᠪᠤᠰᠤ ᠤᠷᠠᠯᠢᠭ ᠤᠨ ᠬᠡᠯᠪᠡᠷᠢ ᠪᠠᠷ ᠪᠠᠶᠢᠭᠠᠯᠢ ᠵᠢᠨ‌ᠭᠤᠶᠣ ᠦᠵᠡᠮᠵᠢ    ᠶᠢ ᠵᠢᠷᠣᠠᠠᠯᠵᠦ ᠪᠠᠶᠢᠯ᠎ᠠ᠃        ᠰᠢᠯᠢ ᠶᠢᠨ ᠭᠤᠤᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠯᠢ ᠪᠥᠸᠧ᠄ ︽ᠲᠠᠯ᠎ᠠ ᠨᠤᠲᠤᠭ ᠤᠨ ᠤᠷᠠᠯᠢᠭ ᠤᠨ ᠨᠢᠭᠡᠳᠦᠯ ᠨᠢ ᠮᠠᠨ ᠤ ᠳᠡᠭᠡᠳᠦ ᠰᠤᠷᠭᠠᠭᠤᠯᠢ ᠲᠠᠢ ᠶᠢᠰᠦᠨ ᠵᠢᠯ ᠬᠠᠮᠲᠤᠷᠠᠨ ᠠᠵᠢᠯᠯᠠᠭᠰᠠᠨ᠂ ᠡᠨᠡ ᠨᠢ ᠮᠠᠨ ᠤ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ‌ᠵᠢᠷᠤᠵᠤ ᠲᠥᠰᠥᠭᠡᠯᠡᠬᠦ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠮᠥᠨ᠂ ᠵᠢᠯ ᠪᠦᠷᠢ ᠶᠢᠨ ᠬᠠᠪᠤᠷ ᠵᠣᠨ ᠤ ᠤᠯᠠᠷᠢᠯ ᠳᠤ ᠮᠠᠨ ᠤ ᠳᠡᠭᠡᠳᠦ ᠰᠤᠷᠭᠠᠭᠤᠯᠢ ᠶᠢᠨ ᠰᠤᠷᠤᠭᠴᠢᠳ ᠰᠢᠯᠤᠭᠤᠨ ᠬᠥᠬᠡ ᠬᠤᠰᠢᠭᠤᠨ ᠳᠤ ᠢᠷᠡᠵᠦ ᠤᠷᠠᠯᠢᠭ ᠤᠨ ᠰᠢᠨᠵᠢᠯᠡᠨ ᠪᠠᠶᠢᠴᠠᠭᠠᠯᠲᠠ ᠪᠠ ᠪᠣᠯᠪᠠᠰᠤᠷᠠᠬᠤ ᠠᠵᠢᠯᠯᠠᠭ᠎ᠠ ᠬᠢᠳᠡᠭ᠃ ᠮᠠᠨ ᠤ ᠤᠷᠠᠯᠢᠭ ᠤᠨ ᠵᠣᠬᠢᠶᠠᠨ ᠪᠦᠲᠦᠭᠡᠯᠭᠡ ᠪᠠ ᠤᠬᠠᠭᠤᠯᠭ᠎ᠠ ᠪᠠᠷ ᠳᠠᠮᠵᠢᠭᠤᠯᠤᠨ ᠨᠠᠩ ᠣᠯᠠᠨ ᠬᠥᠮᠦᠰ ᠳᠤ ᠦᠵᠡᠰᠬᠦᠯᠡᠩᠲᠦ ᠰᠠᠶᠢᠬᠠᠨ ᠰᠢᠯᠤᠭᠤᠨ ᠬᠥᠬᠡ ᠬᠤᠰᠢᠭᠤ ᠶᠢ ᠲᠠᠨᠢᠭᠤᠯᠬᠤ  ᠪᠤᠯᠥᠨ᠎ᠠ︾ ᠬᠡᠯ᠎ᠡ᠃       ᠤᠢᠢᠯᠠᠭᠠᠭᠰᠠᠨ ᠢᠶᠠᠷ᠂ ᠡᠮᠦᠨᠡᠬᠢ ᠠᠶᠠᠯᠠᠯ ᠳᠠᠭᠠᠨ᠂ ᠪᠠᠭᠰᠢ ᠰᠤᠷᠤᠭᠴᠢᠳ ᠰᠢᠯᠤᠭᠤᠨ ᠬᠥᠬᠡ ᠬᠤᠰᠢᠭᠤᠨ ᠤ ᠲᠠᠯ᠎ᠠ ᠨᠤᠲᠤᠭ ᠤᠨ ᠺᠢᠨᠣ᠋ ᠲᠧᠯᠸᠢᠰ ᠤᠨ ᠬᠤᠳᠠ ᠶᠢᠨ ᠰᠡᠭᠦᠳᠡᠷᠯᠡᠬᠦ ᠭᠠᠵᠠᠷ ᠪᠣᠯᠤᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠲᠤ ᠬᠦᠷᠴᠦ ᠵᠣᠬᠢᠶᠠᠨ ᠪᠦᠲᠦᠭᠡᠯᠭᠡ ᠬᠢᠵᠡᠢ᠃       ᠰᠢᠯᠢ ᠶᠢᠨ ᠭᠤᠣᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠣᠶᠣᠯ ᠪᠠ ᠺᠢᠨᠣ᠋ ᠶᠢᠨ ᠤᠷᠠᠯᠢᠭ ᠤᠨ ᠰᠠᠯᠪᠤᠷᠢ ᠶᠢᠨ ᠣᠶᠤᠲᠠᠨ ᠯᠢᠦ ᠷᠦᠢ ᠰᠢᠶᠤᠤ᠄ ︽ᠠᠩᠬ᠎ᠠ ᠤᠳᠠᠭ᠎ᠠ ᠰᠢᠯᠤᠭᠤᠨ ᠬᠦᠬᠡ ᠬᠤᠰᠢᠭᠤᠨ  ᠳᠤ ᠢᠷᠡᠬᠦ ᠳᠤ᠂ ᠮᠢᠨᠦ ᠬᠠᠷᠠᠭᠠᠨ ᠳᠤ ᠲᠣᠳᠣᠷᠠᠭᠰᠠᠨ ᠨᠢ ᠳᠠᠷᠤᠢ ᠦᠵᠡᠰᠬᠦᠯᠡᠩᠲᠦ ᠰᠠᠶᠢᠬᠠᠨ ᠦᠵᠡᠮᠵᠢ ᠪᠠ ᠥᠷᠭᠡᠨ ᠠᠭᠤᠳᠠᠮ ᠲᠠᠯ᠎ᠠ ᠨᠤᠲᠤᠭ ᠪᠣᠯᠤᠨ᠎ᠠ᠂ ᠪᠢ‌ᠡᠨᠡ ᠤᠳᠠᠭ᠎ᠠ ᠶᠢᠨ 14 ᠡᠳᠦᠷ ᠤᠨ ᠳᠠᠳᠤᠯᠭ᠎ᠠ ᠪᠣᠯᠪᠠᠰᠤᠷᠠᠯ  ᠳᠤ ᠦᠪᠡᠷ ᠤᠨ ᠦᠵᠡᠵᠦ ᠬᠠᠷᠬᠠᠰᠠᠨ ᠲᠥᠷᠥᠭᠳᠡᠯ ᠢᠶᠠᠨ ᠲᠡᠮᠳᠡᠭᠯᠡᠵᠦ ᠠᠪᠤᠭᠠᠳ ᠪᠢᠴᠢᠯ ᠺᠢᠨᠣ᠋ ᠪᠣᠯᠭᠠᠨ ᠰᠡᠭᠦᠳᠡᠷᠯᠡᠬᠦ  ᠪᠠᠷ ᠲᠥᠯᠥᠪᠯᠡᠵᠦ ᠪᠠᠶᠢᠨ᠎ᠠ︾ ᠬᠡᠵᠡᠢ᠃      ᠲᠣᠰ ᠤᠳᠠᠭᠠᠨ ᠤ ᠠᠵᠢᠯᠯᠠᠭ᠎ᠠ ᠨᠢ ᠤᠷᠠᠯᠢᠭ ᠤᠨ ᠪᠦᠲᠦᠭᠡᠯ ᠢᠶᠠᠷ ᠵᠠᠭᠤᠴᠢ ᠪᠣᠯᠭᠠᠵᠤ᠂ ᠰᠢᠯᠤᠭᠤᠨ ᠬᠥᠬᠡ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠰᠢᠨ᠎ᠡ ᠶᠢ ᠡᠭᠦᠳᠦᠨ ᠤᠯᠠᠮᠵᠢᠯᠠᠬᠤ ᠳᠤ ᠠᠮᠢᠵᠢᠷᠠᠯ  ᠤᠨ ᠬᠦᠴᠦᠨ ᠨᠡᠮᠡᠷᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠷᠣᠨ ᠨᠤᠲᠤᠭ ᠤᠨ ᠬᠥᠭᠵᠢᠯᠲᠡ ᠳᠤ ᠦᠶᠯᠡᠴᠢᠯᠡᠬᠦ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠᠷ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠤᠤᠰ ᠴᠢᠭᠯᠡᠯ ᠢᠶᠠᠷ ᠴᠢᠳᠠᠪᠤᠷᠢ ᠣᠯᠭᠤᠬᠤ ᠶᠢ ᠪᠡᠶᠡᠯᠡᠭᠦᠯᠵᠦ᠂ ᠲᠠᠯ᠎ᠠ ᠨᠤᠲᠤᠭ ᠤᠨ ᠰᠣᠶᠣᠯ ᠢ ᠬᠠᠮᠠᠭᠠᠯᠠᠬᠤ ᠪᠠ ᠪᠠᠳᠠᠷᠠᠭᠤᠯᠬᠤ ᠳᠤ ᠰᠢᠨ᠎ᠡ ᠠᠷᠭ᠎ᠠ ᠵᠠᠮ ᠢ ᠨᠡᠭᠡᠭᠡᠵᠦ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号