ᠬᠦᠴᠦᠳᠦ 256  ᠪᠦᠬᠡ ᠶᠢᠨ ᠪᠠᠷᠢᠯᠳᠣᠭᠠᠨ ᠶᠠᠪᠤᠠᠠᠳᠠᠪᠠ
ᠨᠡᠶᠢᠲᠡᠯᠡᠭᠰᠡᠨ ᠴᠠᠭ᠄
2025/6/9
       6 ᠰᠠᠷ᠎ᠠ ᠶᠢᠨ 3 ᠤ ᠡᠳᠦᠷ᠂ 2025 ᠣᠨ ᠤ ᠰᠢᠯᠤᠭᠤᠨ ᠬᠥᠬᠡ ᠬᠤᠰᠢᠭᠤᠨ ᠤ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷᠳᠣ ᠴᠢᠭᠤᠯᠭᠠᠨ᠂ ᠱᠠᠩᠳᠣ ᠶᠢᠨ ᠪᠠᠶᠠᠰᠣᠯᠳᠣ ᠵᠢᠭᠤᠯᠴᠢᠯᠠᠯ︾  ᠰᠣᠶᠣᠯ ᠵᠢᠭᠤᠯᠴᠢᠯᠠᠯ  ᠤᠨ ᠰᠢᠷᠢᠰ ᠠᠵᠢᠯᠯᠠᠭ᠎ᠠ ᠶᠢᠨ ᠨᠢᠢᠭᠡᠨ ᠠᠭᠤᠯᠭ᠎ᠠ ᠪᠤᠯᠬᠤ 256  ᠬᠦᠴᠦᠳᠦ ᠪᠥᠬᠡ ᠶᠢᠨ  ᠪᠠᠷᠢᠯᠳᠣᠭᠠᠨ ᠬᠤᠪᠢᠯᠠᠢ ᠠᠭᠤᠳᠠᠮ ᠲᠠᠯᠠᠪᠠᠶ ᠳᠤ ᠶᠠᠪᠤᠭᠳᠠᠪᠠ᠃       ᠲᠣᠰ ᠣᠳᠠᠭᠠᠨ ‍ᠤ‌ᠣᠷᠣᠯᠳᠣᠭᠠᠨ ᠳᠤ ᠠᠯᠠᠱᠠ ᠠᠶᠢᠮᠠᠭ᠂ ᠣᠷᠳᠣᠰ ᠬᠤᠲᠠ᠂ ᠤᠯᠠᠭᠠᠨᠬᠠᠳᠠ ᠬᠤᠲᠠ ᠵᠢᠴᠢ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ 256  ᠬᠦᠴᠦᠳᠦ ᠪᠥᠬᠡᠴᠢᠳ ᠵᠣᠳᠣᠠᠠᠯᠠᠵᠦ᠂ ᠡᠭᠦᠨ ᠳᠤ᠂  ᠰᠠᠨᠴᠢᠷ᠂ ᠴᠠᠭᠠᠨᠵᠠᠭᠠᠨ᠂ ᠠᠮᠤᠷᠴᠠᠨ᠎ᠠ ᠵᠡᠷᠭᠡ ᠠᠪᠣᠷᠭᠤ ᠪᠦᠬᠡᠴᠢᠳ ᠵᠣᠳᠣᠠᠠᠯᠬᠠᠰᠠᠨ ᠨᠢ  ᠨᠡᠩ ᠴᠣ᠋  ᠣᠯᠠᠨ ᠤ ᠠᠩᠬᠠᠷᠣᠯ ᠳᠤ  ᠬᠥᠷᠴᠠᠢ᠃       ᠬᠤᠷᠴᠠ ᠰᠢᠷᠦᠬᠦᠨ ᠪᠠᠷᠢᠯᠳᠣᠭᠠᠨ ᠢᠶᠠᠷ ᠲᠠᠮᠵᠢᠨ᠂  ᠬᠦᠴᠦ ᠣᠬᠠᠭᠠᠨ᠂  ᠤᠷ᠎ᠠ ᠮᠡᠷᠭᠡᠵᠢᠯ  ᠢᠶᠠᠷ  ᠢᠶᠠᠨ  ᠰᠦᠨᠢᠳ ᠵᠡᠬᠦᠨ ᠬᠤᠰᠢᠭᠤᠨ ᠤ  ᠠᠮᠣᠷᠴᠠᠨ᠎ᠠ ᠲᠡᠷᠢᠬᠦᠨ ᠳᠤ ᠲᠡᠪᠢᠵᠦ᠂  ᠰᠢᠯᠣᠭᠤᠨ ᠬᠦᠬᠡ ᠬᠤᠰᠢᠭᠤᠨ ᠤ ᠦᠨᠳᠦᠰᠦ ᠲᠡᠳ᠋ᠯᠡᠵᠦ᠂  ᠰᠢᠯᠣᠭᠤᠨ ᠬᠦᠬᠡ ᠬᠤᠰᠢᠭᠤᠨ ᠤ ᠴᠡᠯᠡᠬᠡᠷ᠂ ᠰᠢᠯᠣᠭᠤᠨ ᠬᠦᠬᠡ ᠬᠤᠰᠢᠭᠤᠨ ᠤ ᠣᠶᠠᠩᠭ᠎ᠠ ᠭᠤᠷᠪᠠ ᠲᠦᠷᠪᠡᠳᠦᠬᠡᠷ ᠲᠤ ᠂  ᠰᠥᠨᠢᠳ ᠪᠠᠷᠠᠭᠤᠨ ᠬᠤᠰᠢᠭᠤᠨ ᠤ ᠰᠠᠶᠢᠨᠵᠠᠨ᠎ᠠ ᠲᠠᠪᠤᠳᠤᠭᠠᠷ ᠲᠤ ᠂ ᠬᠡᠰᠢᠭᠲᠡᠨ ᠬᠤᠰᠢᠭᠤᠨ ᠤ  ᠬᠢᠯᠪᠠᠭ᠎ᠠ ᠵᠢᠷᠭᠤᠳᠤᠭᠠᠷ ᠲᠤ ᠂ ᠰᠢᠯᠤᠭᠤᠨ ᠬᠥᠬᠡ ᠬᠤᠰᠢᠭᠤᠨ ᠤ  ᠠᠯᠲᠠᠨᠪᠠᠭᠠᠨ᠎ᠠ ᠂ ᠰᠢᠯᠣᠭᠤᠨ ᠬᠦᠬᠡ ᠬᠤᠰᠢᠭᠤᠨ ᠤ ᠭᠠᠩᠲᠡᠮᠦᠷ ᠲᠤᠰ ᠲᠤᠰ  ᠲᠡᠭᠡᠳᠦ ᠨᠠᠢᠮᠠ ᠳᠤ  ᠲᠣᠳᠣᠷᠠᠬᠰᠡᠨ ᠪᠠᠶᠢᠨ᠎ᠠ᠃         ᠤᠷᠤᠯᠳᠤᠭᠠᠨ ᠤ ᠪᠥᠬᠦ ᠶᠠᠪᠤᠴᠠ ᠶᠢ ᠱᠠᠩᠳᠤ ᠶᠢᠨ ᠰᠣᠨᠢᠨ ᠮᠡᠳᠡᠭᠡᠨ ᠤ ᠸᠢᠳᠢᠣ᠋ ᠳ᠋ᠤᠭᠠᠷ ᠪᠠ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠲᠢᠺ ᠲᠣᠺ ᠪᠠᠷ ᠳᠠᠮᠵᠢᠭᠤᠯᠤᠨ ᠰᠢᠭᠤᠳ ᠨᠡᠪᠲᠡᠷᠡᠭᠦᠯᠵᠦ᠂ ᠦᠵᠡᠭᠴᠢᠳ  ᠤᠨ ᠲᠤᠭ᠎ᠠ5.4 ᠲᠦᠮᠡ ᠶᠢ ᠳᠠᠪᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号