ᠤᠯᠠᠮᠵᠢᠯᠠᠯᠲᠤ ᠰᠤᠷ  ᠬᠠᠷᠪᠣᠯᠳᠠ ᠶᠢᠨ ᠤᠷᠤᠯᠳᠤᠭᠠᠨ  ᠶᠠᠪᠤᠠᠠᠳᠠᠪᠠ
ᠨᠡᠶᠢᠲᠡᠯᠡᠭᠰᠡᠨ ᠴᠠᠭ᠄
2025/6/9
           6 ᠰᠠᠷ᠎ᠠ ᠶᠢᠨ 3 ᠤ ᠡᠳᠦᠷ᠂ 2025 ᠣᠨ ᠤ ᠰᠢᠯᠤᠭᠤᠨ ᠬᠥᠬᠡ ᠬᠤᠰᠢᠭᠤᠨ ᠤ  ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ  ᠪᠠᠶᠠᠷᠳᠣ ᠴᠢᠭᠤᠯᠭᠠᠨ᠂ ᠱᠠᠩᠳᠤ  ᠶᠢᠨ  ᠪᠠᠶᠠᠰᠣᠯᠳᠣ ᠵᠢᠭᠤᠯᠴᠢᠯᠠᠯ︾ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠵᠢᠨ‌ᠨᠢᠭᠡᠨ ᠠᠭᠤᠯᠭ᠎ᠠ ᠤᠯᠠᠮᠵᠢᠯᠠᠯᠲᠤ ᠰᠤᠷ ᠬᠠᠷᠪᠣᠯᠳᠠ ᠶᠢᠨ ᠤᠷᠤᠯᠳᠤᠭᠠᠨ  ᠶᠠᠪᠤᠭᠳᠠᠪᠠ᠃ ᠲᠤᠰ ᠤᠳᠠᠭᠠᠨ ᠤ ᠤᠷᠤᠯᠳᠤᠭᠠᠨ ᠢ ᠰᠢᠯᠤᠭᠤᠨ ᠬᠥᠬᠡ ᠬᠤᠰᠢᠭᠤᠨ ᠤ ᠰᠣᠶᠣᠯ  ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠭᠤᠣᠯᠯᠠᠨ ᠡᠷᠬᠢᠯᠡᠵᠦ᠂ ᠰᠢᠯᠤᠭᠤᠨ ᠬᠥᠬᠡ ᠬᠤᠰᠢᠭᠤᠨ ᠤ ᠵᠢᠷᠭᠤᠭᠠᠳᠠᠢ ᠤᠯᠠᠮᠵᠢᠯᠠᠯᠲᠤ ᠰᠤᠷ  ᠬᠠᠷᠪᠣᠯᠳᠠ ᠶᠢᠨ ᠨᠡᠶᠢᠭᠡᠮᠯᠢᠭ ᠳᠠᠭᠠᠭᠠᠴᠢᠯᠠᠨ ᠡᠷᠬᠢᠯᠡᠵᠦ᠂ ᠬᠥᠯᠥᠨ ᠪᠣᠶᠢᠷ ᠬᠤᠲᠠ᠂ ᠪᠠᠶᠠᠨᠨᠠᠭᠤᠷ ᠬᠤᠲᠠ᠂ ᠤᠯᠠᠭᠠᠨᠴᠠᠪ ᠬᠤᠲᠠ ᠵᠢᠴᠢ ᠰᠢᠯᠢ ᠶᠢᠨ ᠭᠤᠣᠯ ᠠᠶᠢᠮᠠᠭ ᠤᠨ ᠡᠯ᠎ᠡ ᠬᠤᠰᠢᠭᠤ ᠰᠢᠶᠠᠨ ᠤ 150 ᠰᠢᠯᠢᠳᠡᠭ ᠬᠠᠷᠪᠤᠭᠠᠴᠢᠳ ᠣᠷᠣᠯᠴᠠᠵᠠᠢ᠃          ᠬᠤᠷᠴᠠ ᠰᠢᠷᠦᠬᠦᠨ  ᠥᠷᠢᠰᠥᠯᠳᠦᠭᠡᠨ ᠢᠶᠠᠷ ᠲᠠᠮᠵᠢᠨ᠂  ᠰᠥᠨᠢᠳ ᠵᠡᠭᠦᠨ ᠬᠤᠰᠢᠭᠤᠨ  ᠤ ᠬᠡᠰᠢᠭᠳᠦᠠᠠᠳᠣᠬᠤ  ᠲᠡᠷᠢᠬᠦᠨ ᠳᠤ ᠲᠣᠳᠣᠷᠠᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ  ᠡᠷᠳᠡᠨᠢᠠᠭᠤᠯᠠ ᠬᠤᠶᠠᠳᠤᠭᠠᠷ ᠲᠤ᠂ ᠵᠡᠭᠦᠨ ᠦᠵᠦᠮᠦᠴᠢᠨ ᠬᠤᠰᠢᠭᠤᠨ ᠤ ᠰᠣᠳᠣᠪᠢᠯᠢᠭ᠌ ᠭᠤᠷᠪᠠᠳᠤᠭᠠᠷ ᠲᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠤᠯᠠᠴᠢᠮᠡᠭ  ᠳᠥᠷᠪᠡᠳᠦᠭᠡᠷ ᠲᠤ ᠲᠣᠰ ᠲᠣᠰ ᠲᠣᠳᠣᠷᠠᠵᠦ᠂  ᠰᠢᠯᠢᠳᠡᠭ ᠠᠷᠪᠠᠨ ᠵᠢᠷᠭᠤᠭᠠᠨ ᠨᠡᠷ᠎ᠡ ᠬᠠᠷᠪᠣᠭᠠᠴᠢᠨ ᠢ ᠱᠠᠩᠨᠠᠨ ᠬᠦᠬᠢᠬᠦᠯᠦᠭᠰᠡᠨ ᠪᠠᠶᠢᠨ᠎ᠠ᠂          ᠲᠤᠰ ᠤᠳᠠᠭᠠᠨ ᠤ ᠤᠷᠤᠯᠳᠤᠭᠠᠨ ᠨᠢ  ᠭᠠᠵᠠᠷ ᠭᠠᠵᠠᠷ ᠤᠨ ᠰᠢᠯᠢᠳᠡᠭ ᠬᠠᠷᠪᠤᠭᠠᠴᠢᠳ  ᠤᠨ ᠬᠠᠷᠢᠯᠴᠠᠨ ᠰᠣᠷᠣᠯᠴᠠᠬᠤ᠂ ᠤᠷ᠎ᠠ ᠮᠡᠷᠭᠡᠵᠢᠯ ᠢᠶᠠᠨ ᠳᠡᠭᠡᠭᠰᠢᠯᠡᠭᠦᠯᠬᠦ ᠡᠷᠬᠢᠮ ᠨᠠᠨᠳᠢᠨ ᠲᠠᠪᠴᠠᠩ ᠪᠤᠯᠤᠠᠠᠰᠠᠠ ᠢᠶᠠᠷ ᠪᠠᠷᠠᠬᠤ ᠦᠭᠡᠢ᠂ ᠨᠡᠩ ᠴᠤ ᠥᠷᠭᠡᠨ ᠤᠯᠠᠨ ᠲᠦᠮᠡᠨ ᠳᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠥᠪᠡᠷᠮᠢᠴᠡ ᠷᠢᠳᠢ ᠰᠢᠳᠢ ᠶᠢ ᠠᠮᠢᠳᠤᠯᠢᠭ ᠢᠶᠠᠷ ᠬᠠᠷᠠᠭᠤᠯᠵᠤ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠦᠨᠳᠦᠰᠦᠲᠡᠨ ᠤ ᠰᠣᠶᠣᠯ ᠤᠨ ᠲᠤᠬᠠᠢ ᠣᠮᠣᠭᠰᠢᠯ ᠪᠠ ᠬᠠᠯᠠᠭᠤᠨ ᠰᠡᠳᠬᠢᠯᠭᠡ ᠶᠢ ᠬᠥᠭᠵᠢᠭᠡᠵᠡᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号